5 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠤᠨ ᠵᠥᠪᠯᠡᠯ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠠᠨ ᠶᠦᠩ᠂ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠰᠢᠤᠸᠠᠢ ᠴᠢᠨ | ᠶᠣᠰᠣᠯᠠᠯ ᠳᠤ ᠣᠷᠣᠯᠴᠠᠭᠰᠠᠨ ᠪᠥᠭᠡᠳ ᠫᠠᠶᠢᠰᠠ ᠰᠡᠬᠦᠪᠡ᠃ | ᠯᠢ ᠵᠠᠨ ᠶᠦᠩ ᠪᠠᠶᠠᠷ ᠤᠨ ᠦᠭᠡ ᠳᠡᠭᠡᠨ ᠴᠢᠬᠤᠯᠠᠴᠢᠯᠠᠭᠰᠠᠨ ᠨᠢ᠂ ᠲᠣᠭᠤᠷᠢᠭ ᠤᠨ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠡᠯᠲᠡᠰ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ | ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ | ᠨᠡᠶᠢᠭᠡᠮ ᠤᠨ ᠠᠵᠢᠯ ᠤᠨ ᠶᠡᠭᠡ ᠪᠠᠶᠢᠷᠢᠰᠢᠯ ᠳᠤ ᠠᠭᠤᠰᠤᠯᠴᠠᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠪᠣᠯᠣᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ | ᠳᠠᠭᠠᠭᠤᠯᠬᠤ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠶᠢᠨ ᠨᠠᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠣᠨ ᠰᠠᠶᠢᠨ | ᠳᠤᠷ᠎ᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠵᠠᠭᠪᠤᠷ ᠢ ᠲᠠᠰᠤᠷᠠᠯᠲᠠ ᠦᠭᠡᠢ | ᠰᠦᠪᠡᠭᠴᠢᠯᠡᠨ ᠰᠢᠯᠢᠳᠡᠭᠵᠢᠭᠦᠯᠵᠦ᠂ ᠰᠦᠩᠱᠠᠨ ᠲᠣᠭᠤᠷᠢᠭ ᠤᠨ ᠨᠡᠶᠢᠭᠡᠮ ᠤᠨ ᠠᠵᠢᠯ ᠤᠨ ᠰᠢᠨ᠎ᠡ ᠠᠬᠢᠴᠠ᠂ ᠰᠢᠨ᠎ᠡ | ᠦᠷ᠎ᠡ ᠪᠦᠲᠦᠮᠵᠢ ᠣᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠡᠩᠨᠡᠭᠡ ᠶᠢ | ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠢᠳᠡᠪᠬᠢᠲᠡᠢ ᠬᠤᠪᠢ | ᠨᠡᠮᠡᠷᠢ ᠦᠵᠡᠭᠦᠯᠬᠦ ᠬᠡᠷᠡᠭᠲᠡᠢ᠃ |