2024 ᠣᠨ ᠤ 5 ᠰᠠᠷ᠎ᠠ ᠶᠢᠨ 19 ᠤ ᠡᠳᠦᠷ ᠪᠣᠯ 14 ᠳ᠋ᠦ᠋ᠭᠡᠷ ᠳᠡᠯᠡᠬᠡᠶ ᠶᠢᠨ ᠬᠡᠷ ᠪᠦᠯᠢ ᠶᠢᠨ ᠡᠮᠴᠢ ᠶᠢᠨ | ᠡᠳᠦᠷ ᠮᠥᠨ᠂ ᠡᠨᠡ ᠵᠢᠯ ᠤᠨ ᠭᠤᠤᠯ ᠰᠡᠳᠦᠪ ᠪᠣᠯ ︽ᠪᠡᠶ᠎ᠡ ᠶᠢᠨ ᠬᠦᠨᠳᠦ ᠶᠢ ᠰᠢᠨᠵᠢᠯᠡᠬᠦ ᠤᠬᠠᠭᠠᠨᠴᠢ ᠪᠠᠷ | ᠡᠵᠡᠮᠳᠡᠵᠦ᠂ ᠡᠷᠡᠭᠦᠯ ᠮᠡᠨᠳᠦ ᠦᠷᠭᠦᠯᠵᠢ ᠬᠠᠨᠢ ᠪᠣᠯᠤᠨ᠎ᠠ︾᠃ 5 ᠰᠠᠷ᠎ᠠ ᠶᠢᠨ 17 ᠤ ᠡᠳᠦᠷ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠴᠢᠤᠸᠠᠨ ᠨᠢᠩ ᠵᠡᠭᠡᠯᠢ ᠭᠤᠳᠤᠮᠵᠢ ᠲᠠᠢ ᠬᠠᠮᠲᠤᠷᠠᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠶᠣᠰᠣᠯᠠᠯ ᠶᠠᠪᠤᠭᠤᠯᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠥᠷᠭᠡᠨ ᠣᠯᠠᠨ ᠬᠤᠲᠠ ᠶᠢᠨ ᠠᠷᠠᠳ ᠲᠤ ᠬᠡᠷ | ᠪᠦᠯᠢ ᠶᠢᠨ ᠡᠮᠴᠢ ᠶᠢᠨ ᠭᠡᠷ᠎ᠡ ᠲᠤᠭᠲᠠᠬᠤ ᠦᠢᠯᠡᠴᠢᠯᠡᠭᠡᠨ ᠤ ᠠᠭᠤᠯᠭ᠎ᠠ ᠵᠢᠴᠢ ᠭᠡᠷ᠎ᠡ ᠲᠣᠭᠲᠠᠭᠰᠠᠨ ᠤ ᠳᠠᠷᠠᠭ᠎ᠠ | ᠭᠥᠷᠳᠡᠵᠦ ᠳᠡᠶᠢᠯᠬᠦ ᠲᠥᠬᠦᠮ ᠪᠠ ᠪᠣᠳᠠᠲᠤ ᠠᠰᠢᠭ ᠢ ᠨᠠᠷᠢᠨ ᠲᠠᠶᠢᠯᠪᠤᠷᠢᠯᠠᠪᠠ᠃ ᠡᠮᠨᠡᠯᠭᠡ ᠶᠢᠨ ᠠᠵᠢᠯᠲᠠᠳ ᠪᠠᠰᠠ | ᠬᠤᠲᠠ ᠶᠢᠨ ᠠᠷᠠᠳ ᠲᠤ ᠠᠯᠪᠠᠨ ᠵᠢᠷᠤᠮ ᠤᠨ ᠡᠮᠴᠢᠯᠡᠭᠡ ᠵᠡᠷᠭᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ | ᠬᠡᠷᠬᠢᠨ ᠵᠥᠪ ᠭᠡᠷ᠎ᠡ ᠲᠣᠭᠲᠠᠬᠤ ᠶᠢ ᠵᠢᠯᠣᠭᠤᠳᠴᠤ᠂ ᠠᠷᠠᠳ ᠣᠯᠠᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ | ᠠᠵᠢᠯ ᠤᠨ ᠳᠠᠪᠠᠭᠤᠯᠢᠭ ᠪᠠ ᠲᠥᠬᠦᠮ ᠴᠢᠨᠠᠷ ᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃ | ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠲᠤ ᠨᠡᠶᠢᠲᠡ 197 ᠬᠡᠷ ᠪᠦᠯᠢ ᠶᠢᠨ ᠡᠮᠴᠢ ᠶᠢᠨ ᠪᠦᠯᠬᠦᠮ ᠪᠣᠶ᠂ | ᠡᠭᠦᠨ ᠳᠤ ᠶᠡᠷᠦᠩᠬᠡᠶ ᠰᠠᠯᠠᠭᠠᠨ ᠤ ᠡᠮᠴᠢ 114 ᠬᠥᠮᠦᠨ᠂ ᠲᠤᠰᠬᠠᠶ ᠰᠠᠯᠠᠭᠠᠨ ᠤ ᠡᠮᠴᠢ 321 ᠬᠥᠮᠦᠨ | ᠪᠠᠭᠲᠠᠨ᠎ᠠ᠂ ᠣᠳᠣᠬᠠᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠡᠷ᠎ᠡ ᠲᠣᠭᠲᠠᠬᠤ ᠨᠣᠷᠮ᠎ᠠ ᠨᠢ | 529295 ᠳᠤ ᠬᠦᠷᠴᠦ᠂ ᠭᠡᠷ᠎ᠡ ᠲᠣᠭᠲᠠᠬᠤ ᠪᠦᠷᠬᠦᠴᠡ ᠶᠢᠨ ᠨᠣᠷᠮ᠎ᠠ ᠨᠢ 74% ᠳᠤ ᠬᠦᠷᠴᠦ᠂ | ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠨᠣᠷᠮ᠎ᠠ ᠨᠢ 84% ᠳᠤ ᠬᠦᠷᠴᠡᠶ᠃ |