5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠲᠢᠶᠧ ᠳ᠋ᠦᠩ ᠵᠡᠭᠡᠯᠢ ᠭᠤᠳᠤᠮᠵᠢ ᠶᠢᠨ | 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ᠡᠭᠡᠴᠢ | ᠳᠡᠭᠦᠤ ᠨᠡᠶᠢᠭᠡᠮ ᠲᠣᠭᠤᠷᠢᠭ ᠤᠨ ᠠᠨᠠᠷ ᠤᠨ ᠴᠡᠴᠡᠭᠲᠦ ᠰᠥᠨᠢ ᠶᠢᠨ ᠵᠠᠬ᠎ᠠ ᠳᠡᠯᠭᠡᠭᠦᠷ ᠤᠨ ᠡᠬᠢᠯᠡᠯᠲᠡ ᠶᠢᠨ ᠶᠣᠰᠣᠯᠠᠯ | ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠲᠤ ᠶᠠᠪᠤᠭᠳᠠᠪᠠ᠃ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠠᠵᠢᠯᠯᠠᠭ᠎ᠠ ᠳᠤ | ᠣᠷᠣᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠤᠨ ᠠᠨᠠᠷ ᠤᠨ | ᠦᠷ᠎ᠡ ᠶᠢᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠪᠠ᠃ ᠰᠠᠶᠢᠨ ᠳᠤᠷ᠎ᠠ ᠶᠢᠨ | ᠦᠢᠯᠡᠴᠢᠯᠡᠭᠴᠢᠳ ᠲᠤᠬᠠᠶ ᠶᠢᠨ ᠲᠠᠯᠠᠪᠠᠢ ᠳᠤ ᠦᠨᠳᠦᠰᠦᠲᠡᠨ ᠤ ᠪᠦᠯᠬᠦᠮᠳᠡᠯ ᠤᠨ ᠰᠠᠨᠠᠭᠠᠴᠢᠯᠠᠭ᠎ᠠ ᠶᠢᠨ ᠪᠢᠴᠢᠭ ᠢ | ᠲᠠᠷᠬᠠᠭᠠᠪᠠ᠃ ᠳᠠᠷᠠᠭ᠎ᠠ ᠨᠢ᠂ ᠡᠭᠡᠴᠢ ᠳᠡᠭᠦᠦ ᠨᠡᠶᠢᠭᠡᠮ ᠲᠣᠭᠤᠷᠢᠭ ᠤᠨ ᠠᠨᠠᠷ ᠤᠨ ᠴᠡᠴᠡᠭᠲᠦ ᠰᠥᠨᠢ ᠶᠢᠨ ᠵᠠᠬ᠎ᠠ | ᠳᠡᠯᠭᠡᠭᠦᠷ ᠵᠢᠩᠬᠢᠨᠢ ᠪᠠᠷ ᠡᠬᠢᠯᠡᠪᠡ᠃ | ᠣᠶᠢᠯᠠᠭᠠᠭᠰᠠᠨ ᠢᠶᠠᠷ᠂ ᠡᠭᠡᠴᠢ ᠳᠡᠭᠦᠦ ᠨᠡᠶᠢᠭᠡᠮ ᠲᠣᠭᠤᠷᠢᠭ ᠤᠨ ᠠᠨᠠᠷ ᠤᠨ ᠴᠡᠴᠡᠭᠲᠦ ᠰᠥᠨᠢ ᠶᠢᠨ ᠵᠠᠬ᠎ᠠ | ᠳᠡᠯᠭᠡᠭᠦᠷ ᠨᠢ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠤᠨ ᠠᠵᠢᠯᠯᠠᠭᠠᠨ ᠤ ᠠᠭᠤᠳᠠᠮ ᠲᠠᠯᠠᠪᠠᠢ ᠳᠤ ᠪᠠᠶᠢᠷᠢᠯᠠᠵᠤ | ᠂ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠠᠴᠠ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠤ | ᠬᠢᠳᠠᠨ ᠨᠡᠶᠢᠭᠡᠮ ᠲᠣᠭᠤᠷᠢᠭ ᠲᠠᠢ ᠬᠠᠮᠲᠤᠷᠠᠨ ᠬᠠᠮᠲᠤᠪᠠᠷ ᠪᠠᠶᠢᠭᠤᠯᠵᠤ᠂ ᠬᠤᠶᠠᠷ ᠨᠡᠶᠢᠭᠡᠮ ᠲᠣᠭᠤᠷᠢᠭ ᠤᠨ | ᠰᠣᠶᠣᠯ ᠤᠨ ᠰᠣᠯᠢᠯᠴᠠᠭ᠎ᠠ᠂ ᠠᠵᠤ ᠠᠬᠤᠢ ᠶᠢᠨ ᠠᠭᠤᠰᠤᠯᠴᠠᠯ ᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠲᠣᠰ ᠰᠥᠨᠢ ᠶᠢᠨ ᠵᠠᠬ᠎ᠠ ᠳᠡᠯᠭᠡᠭᠦᠷ ᠪᠣᠯ ᠨᠢᠭᠡᠨ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ᠂ ᠰᠣᠨᠢᠷᠬᠠᠬᠤ | ᠂ ᠨᠡᠶᠢᠲᠡ ᠶᠢᠨ ᠠᠰᠠᠷᠠᠮᠵᠢ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠠᠷᠠᠳ ᠲᠤ ᠲᠥᠬᠦᠮ ᠦᠵᠡᠭᠦᠯᠬᠦ ︽ | ᠵᠢᠵᠢᠭ ᠵᠠᠬ᠎ᠠ ᠳᠡᠯᠭᠡᠭᠦᠷ ᠤᠨ ᠴᠤᠭᠯᠠᠭᠠᠨ︾ ᠮᠥᠨ᠂ ᠡᠨᠡ ᠨᠢ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ | ᠦᠢᠯᠡᠴᠢᠯᠡᠭᠡ᠂ ᠰᠣᠶᠣᠯ ᠤᠨ ᠬᠡᠷᠡᠭᠴᠡᠭᠡ ᠱᠠᠭᠠᠷᠳᠠᠯᠭ᠎ᠠ ᠪᠠ ᠨᠡᠶᠢᠲᠡ ᠶᠢᠨ ᠠᠰᠠᠷᠠᠮᠵᠢ ᠶᠢ ᠣᠷᠭᠠᠨᠢᠭ ᠢᠶᠠᠷ | ᠤᠶᠠᠯᠳᠤᠭᠤᠯᠵᠤ᠂ ᠬᠥᠮᠦᠰ ᠤᠨ ᠬᠦᠷᠢᠶᠡᠯᠡᠯ ᠢ ᠨᠢᠭᠲᠠᠷᠠᠭᠤᠯᠬᠤ᠂ ᠣᠯᠠᠨ ᠲᠦᠮᠡᠨ ᠲᠠᠢ ᠣᠶᠢᠷᠠᠲᠤᠭᠤᠯᠬᠤ᠂ | ᠬᠠᠯᠠᠭᠤᠨ ᠠᠭᠤᠷ ᠭᠠᠷᠭᠠᠬᠤ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ︽ᠬᠡᠷ ᠤᠨ ᠡᠭᠦᠳᠡᠨ︾ ᠳᠤ | ᠬᠦᠷᠭᠡᠵᠦ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠶᠤᠮ | ᠃ |