ᠰᠦᠩᠱᠠᠨ ᠲᠣᠭᠤᠷᠢᠭ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠨᠤᠷᠮ᠎ᠠ70% ᠶᠢ ᠳᠠᠪᠠᠪᠠ
ᠨᠡᠶᠢᠲᠡᠯᠡᠭᠰᠡᠨ ᠴᠠᠭ᠄
2024/5/21
    2024 ᠣᠨ ᠤ 5 ᠰᠠᠷ᠎ᠠ ᠶᠢᠨ 19 ᠤ ᠡᠳᠦᠷ ᠪᠣᠯ 14 ᠳ᠋ᠦ᠋ᠭᠡᠷ ᠳᠡᠯᠡᠬᠡᠶ ᠶᠢᠨ ᠬᠡᠷ ᠪᠦᠯᠢ ᠶᠢᠨ ᠡᠮᠴᠢ ᠶᠢᠨ ᠡᠳᠦᠷ ᠮᠥᠨ᠂ ᠡᠨᠡ ᠵᠢᠯ ᠤᠨ ᠭᠤᠤᠯ ᠰᠡᠳᠦᠪ ᠪᠣᠯ ︽ᠪᠡᠶ᠎ᠡ ᠶᠢᠨ ᠬᠦᠨᠳᠦ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠡᠷᠡᠭᠦᠯ ᠮᠡᠨᠳᠦ ᠦᠷᠭᠦᠯᠵᠢ ᠬᠠᠨᠢ ᠪᠣᠯᠤᠨ᠎ᠠ︾᠃ 5 ᠰᠠᠷ᠎ᠠ ᠶᠢᠨ 17 ᠤ ᠡᠳᠦᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠢᠤᠸᠠᠨ ᠨᠢᠩ ᠵᠡᠭᠡᠯᠢ ᠭᠤᠳᠤᠮᠵᠢ ᠲᠠᠢ ᠬᠠᠮᠲᠤᠷᠠᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠥᠷᠭᠡᠨ ᠣᠯᠠᠨ ᠬᠤᠲᠠ ᠶᠢᠨ ᠠᠷᠠᠳ ᠲᠤ ᠬᠡᠷ ᠪᠦᠯᠢ ᠶᠢᠨ ᠡᠮᠴᠢ ᠶᠢᠨ   ᠭᠡᠷ᠎ᠡ ᠲᠤᠭᠲᠠᠬᠤ ᠦᠢᠯᠡᠴᠢᠯᠡᠭᠡᠨ ᠤ ᠠᠭᠤᠯᠭ᠎ᠠ ᠵᠢᠴᠢ ᠭᠡᠷ᠎ᠡ ᠲᠣᠭᠲᠠᠭᠰᠠᠨ ᠤ ᠳᠠᠷᠠᠭ᠎ᠠ ᠭᠥᠷᠳᠡᠵᠦ ᠳᠡᠶᠢᠯᠬᠦ ᠲᠥᠬᠦᠮ ᠪᠠ ᠪᠣᠳᠠᠲᠤ ᠠᠰᠢᠭ ᠢ ᠨᠠᠷᠢᠨ ᠲᠠᠶᠢᠯᠪᠤᠷᠢᠯᠠᠪᠠ᠃ ᠡᠮᠨᠡᠯᠭᠡ ᠶᠢᠨ ᠠᠵᠢᠯᠲᠠᠳ ᠪᠠᠰᠠ ᠬᠤᠲᠠ ᠶᠢᠨ ᠠᠷᠠᠳ ᠲᠤ ᠠᠯᠪᠠᠨ ᠵᠢᠷᠤᠮ ᠤᠨ ᠡᠮᠴᠢᠯᠡᠭᠡ ᠵᠡᠷᠭᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠬᠡᠷᠬᠢᠨ ᠵᠥᠪ ᠭᠡᠷ᠎ᠡ ᠲᠣᠭᠲᠠᠬᠤ ᠶᠢ ᠵᠢᠯᠣᠭᠤᠳᠴᠤ᠂ ᠠᠷᠠᠳ ᠣᠯᠠᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠤᠨ ᠳᠠᠪᠠᠭᠤᠯᠢᠭ ᠪᠠ ᠲᠥᠬᠦᠮ ᠴᠢᠨᠠᠷ ᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃    ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠲᠤ ᠨᠡᠶᠢᠲᠡ 197 ᠬᠡᠷ ᠪᠦᠯᠢ ᠶᠢᠨ ᠡᠮᠴᠢ ᠶᠢᠨ ᠪᠦᠯᠬᠦᠮ ᠪᠣᠶ᠂ ᠡᠭᠦᠨ ᠳᠤ ᠶᠡᠷᠦᠩᠬᠡᠶ ᠰᠠᠯᠠᠭᠠᠨ ᠤ ᠡᠮᠴᠢ 114 ᠬᠥᠮᠦᠨ᠂ ᠲᠤᠰᠬᠠᠶ ᠰᠠᠯᠠᠭᠠᠨ ᠤ ᠡᠮᠴᠢ 321 ᠬᠥᠮᠦᠨ ᠪᠠᠭᠲᠠᠨ᠎ᠠ᠂ ᠣᠳᠣᠬᠠᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠡᠷ᠎ᠡ ᠲᠣᠭᠲᠠᠬᠤ ᠨᠣᠷᠮ᠎ᠠ ᠨᠢ 529295 ᠳᠤ ᠬᠦᠷᠴᠦ᠂ ᠭᠡᠷ᠎ᠡ ᠲᠣᠭᠲᠠᠬᠤ ᠪᠦᠷᠬᠦᠴᠡ ᠶᠢᠨ ᠨᠣᠷᠮ᠎ᠠ ᠨᠢ 74% ᠳᠤ ᠬᠦᠷᠴᠦ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠨᠣᠷᠮ᠎ᠠ ᠨᠢ 84% ᠳᠤ ᠬᠦᠷᠴᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号