ᠰᠦᠩᠱᠠᠨ ᠲᠣᠭᠤᠷᠢᠭ 2024 ᠣᠨ ᠤ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
   5 ᠰᠠᠷ᠎ᠠ ᠶᠢᠨ 17 ᠤ ᠡᠳᠦᠷ᠂ ᠰᠦᠩᠱᠠᠨ ᠲᠣᠭᠤᠷᠢᠭ ︽ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠬᠥᠭᠵᠢᠭᠡᠵᠦ᠂ ᠢᠷᠡᠭᠡᠳᠦᠢ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ︾ 2024 ᠣᠨ ᠤ ᠠᠳᠠᠯ ᠦᠢᠯᠡᠰ ᠴᠣᠭᠴᠠᠯᠠᠬᠤ ᠲᠦᠷᠦᠯ ᠵᠦᠢᠯ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ ᠡᠭᠦᠳᠴᠦ ᠠᠳᠠᠯ ᠦᠢᠯᠡᠰ ᠪᠤᠰᠬᠠᠬᠤ ᠶᠢ ᠵᠣᠷᠢᠭᠵᠢᠭᠤᠯᠤᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠪᠣᠯᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠨᠡᠮᠡᠷᠢᠯᠡᠪᠡ᠃    ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ 12 ᠴᠢᠨᠠᠷ ᠰᠠᠶᠢᠲᠠᠢ ᠠᠵᠤ ᠠᠬᠤᠶᠢᠯᠠᠯ ᠭᠤᠣᠯ ᠮᠡᠷᠭᠡᠵᠢᠯ᠂ ᠬᠤᠳᠠᠯᠳᠤᠭᠠᠨ ᠤ ᠵᠠᠭᠪᠤᠷ᠂ ᠦᠢᠯᠡᠳᠬᠦᠨ ᠤ ᠬᠡᠷᠡᠭᠯᠡᠭᠡᠨ ᠤ ᠬᠦᠷᠢᠶ᠎ᠡ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠨᠠᠷᠢᠨ ᠨᠢᠭᠲᠠ ᠲᠠᠨᠢᠯᠴᠠᠭᠤᠯᠪᠠ᠃ ᠠᠳᠠᠯ ᠦᠢᠯᠡᠰ ᠪᠤᠰᠬᠠᠬᠤ ᠵᠢᠯᠤᠭᠤᠳᠤᠬᠴᠢ ᠨᠠᠷ ᠡᠯ᠎ᠡ ᠠᠵᠤ ᠠᠬᠤᠶᠢᠯᠠᠯ ᠤᠨ ᠣᠳᠣᠬᠢ ᠪᠠᠶᠢᠳᠠᠯ ᠳᠤ ᠦᠨᠡᠯᠡᠯᠲᠡ ᠬᠢᠭᠰᠡᠨ ᠪᠥᠭᠡᠳ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ︽2+3︾ ᠶᠢᠨ ᠵᠠᠭᠪᠤᠷ ᠢ ᠬᠡᠷᠡᠭᠯᠡᠵᠦ᠂ ᠲᠤᠬᠠᠶᠢᠯᠠᠪᠠᠯ 2 ᠪᠡᠶᠡᠴᠢ ᠴᠤᠭᠴᠠ ᠶᠢᠨ ᠤᠷᠤᠯᠳᠤᠭᠠᠨ + 3 ᠲᠤᠰᠬᠠᠶ ᠵᠦᠢᠯ ᠤᠨ ᠤᠷᠤᠯᠳᠤᠭᠠᠨ ᠪᠣᠯᠤᠨ᠎ᠠ᠃ ᠪᠡᠶᠡᠴᠢ ᠴᠤᠭᠴᠠ ᠶᠢᠨ ᠤᠷᠤᠯᠳᠤᠭᠠᠨ ᠳᠤ ᠲᠡᠷᠢᠭᠦᠨ ᠤ ᠦᠢᠯᠡᠳᠭᠡᠯ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠵᠡᠷᠭᠡ 2 ᠤᠷᠤᠯᠳᠤᠭᠠᠨ ᠤ ᠵᠠᠮ ᠪᠠᠭᠲᠠᠨ᠎ᠠ᠂ ᠲᠤᠰᠬᠠᠶ ᠵᠦᠢᠯ ᠤᠨ ᠤᠷᠤᠯᠳᠤᠭᠠᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠤᠭᠤᠷᠤᠯ ᠠᠵᠤ ᠠᠬᠤᠶ ᠪᠠ ᠪᠣᠬᠢᠷᠲᠤᠯ ᠥᠬᠡᠶ ᠠᠵᠤ ᠠᠬᠤᠶ ᠵᠡᠷᠭᠡ 3 ᠤᠷᠤᠯᠳᠤᠭᠠᠨ ᠤ ᠵᠠᠮ ᠪᠠᠭᠲᠠᠨ᠎ᠠ᠃ ᠠᠵᠢᠯᠯᠠᠭ᠎ᠠ ᠨᠢ ᠵᠠᠰᠠᠭ ᠠᠵᠤ ᠠᠬᠤᠶᠢᠯᠠᠯ ᠳᠤ ᠥᠨᠳᠥᠷ ᠪᠦᠲᠦᠮᠵᠢᠲᠡᠶ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠨᠡᠩ ᠣᠯᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠴᠡᠴᠡᠭᠯᠡᠭᠦᠯᠦᠨ ᠵᠢᠮᠢᠰᠯᠡᠭᠦᠯᠦᠭᠰᠡᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号