︽ᠯᠤᠤ ᠲᠤᠭᠯᠠᠭᠰᠠᠨ ᠤᠯᠠᠭᠠᠨᠬᠠᠳᠠ᠂ ᠪᠡᠶ᠎ᠡ ᠶᠢᠨ ᠲᠠᠮᠢᠷ ᠢ ᠤᠷᠢᠳᠠᠪᠠᠷ ᠬᠡᠷᠡᠭᠵᠢᠬᠦᠯᠬᠦ︾ ᠠᠮᠢᠰᠬᠤᠯ ᠤᠨ ᠲᠠᠮᠢᠷ ᠤᠨ ᠦᠵᠡᠬᠦᠯᠬᠡ ᠶᠢᠨ ᠬᠦᠳᠡᠯᠭᠡᠭᠡᠨ ᠰᠢᠨ ᠵᠢᠩ ᠦᠨᠳᠦᠰᠦᠳᠡᠨ ᠤ ᠵᠠᠩ ᠦᠢᠯᠡ ᠶᠢᠨ ᠵᠡᠭᠡᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/28
    5 ᠰᠠᠷ᠎ᠠ ᠶᠢᠨ 26 ᠤ ᠡᠳᠦᠷ᠂ ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠰᠢᠨ ᠵᠢᠩ ᠵᠠᠩ ᠦᠢᠯᠡ ᠶᠢᠨ ᠵᠡᠭᠡᠯᠢ ᠳᠤ ︽ᠯᠤᠤ ᠲᠤᠭᠯᠠᠭᠰᠠᠨ ᠤᠯᠠᠭᠠᠨᠬᠠᠳᠠ᠂ ᠪᠡᠶ᠎ᠡ ᠶᠢᠨ ᠲᠠᠮᠢᠷ ᠢ ᠤᠷᠢᠳᠠᠪᠠᠷ ᠬᠡᠷᠡᠭᠵᠢᠬᠦᠯᠬᠦ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭᠠᠨ ᠤ ᠠᠮᠢᠰᠬᠤᠯ ᠤᠨ ᠲᠠᠮᠢᠷ ᠤᠨ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠵᠦ᠂ ᠰᠦᠩᠱᠠᠨ ᠲᠣᠭᠤᠷᠢᠭ ᠤᠨ 160 ᠭᠠᠷᠤᠢ ᠠᠮᠢᠰᠬᠤᠯ ᠤᠨ ᠲᠠᠮᠢᠷ ᠤᠨ ᠪᠡᠶ᠎ᠡ ᠴᠢᠭᠢᠷᠠᠭᠵᠢᠭᠤᠯᠤᠭᠴᠢ ᠠᠴᠠ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠳᠤᠮᠳᠠ᠂ ᠤᠷᠤᠯᠴᠠᠭᠰᠠᠳ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠠᠢ ᠵᠢᠶ ᠨᠢᠳᠤᠷᠭ᠎ᠠ᠂ ᠲᠠᠢ ᠵᠢᠶ ᠳᠡᠪᠢᠭᠦᠷ᠂ ᠨᠠᠢᠮᠠᠨ ᠬᠡᠰᠡᠭ ᠬᠡᠮᠡᠷᠯᠢᠭ ᠵᠡᠷᠭᠡ ᠲᠥᠷᠥᠯ ᠵᠦᠢᠯ ᠢ ᠳᠡᠯᠭᠡᠨ ᠦᠵᠡᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠤᠯᠠᠮᠵᠢᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠬᠢᠭᠡᠳ ᠲᠤᠬᠠᠶ ᠶᠢᠨ ᠭᠠᠵᠠᠷ ᠤᠨ ᠰᠣᠶᠣᠯ᠂ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号