ᠰᠦᠩᠱᠠᠨ ᠲᠣᠭᠤᠷᠢᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
    5 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠾᠦᠢ ᠪᠥᠬᠦ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠰᠦᠩᠱᠠᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠢ ᠲᠠᠶᠢᠯᠪᠤᠷᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠲᠤᠭᠤᠷᠢᠭ ᠳᠠᠶᠠᠭᠠᠷ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠲᠣᠰ ᠲᠣᠰ ᠤᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠦᠢᠯᠡᠳᠪᠦᠷᠢᠯᠡᠵᠦ ᠪᠣᠷᠣᠯᠠᠭᠤᠯᠬᠤ᠂ ᠬᠠᠤᠯᠢ ᠪᠤᠰᠤ ᠪᠠᠷ ᠨᠡᠶᠢᠯᠡᠭᠦᠯᠦᠨ ᠥᠭᠡᠷᠡᠴᠢᠯᠡᠬᠦ᠂ ᠴᠠᠬᠢᠯᠭᠠᠨ ᠴᠡᠨᠡᠭᠯᠡᠬᠦ ᠶᠢ ᠵᠣᠭᠰᠣᠭᠠᠬᠤ ᠵᠡᠷᠭᠡ ᠵᠠᠩᠭᠢᠯᠠᠭ᠎ᠠ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠬᠤ ᠬᠡᠷᠡᠭᠲᠡᠶ᠃ ᠪᠠᠶᠢᠴᠠᠭᠠᠨ ᠴᠡᠭᠴᠡᠯᠡᠬᠦ ᠴᠠᠭᠠᠷᠢᠭ ᠤᠨ ᠬᠠᠮᠢᠶᠠᠷᠤᠯᠲᠠ ᠶᠢ ᠠᠬᠢᠭᠤᠯᠬᠤ ᠬᠡᠷᠡᠭᠲᠡᠶ᠃ ᠡᠯ᠎ᠡ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠂ ᠨᠡᠶᠢᠭᠡᠮ ᠲᠣᠭᠤᠷᠢᠭ᠂ ᠠᠳᠠᠯ ᠠᠬᠤᠢ ᠨᠢ ᠲᠣᠭᠤᠷᠢᠨ ᠪᠠᠶᠢᠴᠠᠭᠠᠬᠤ ᠤᠳᠠᠭ᠎ᠠ᠂ ᠡᠷᠴᠢᠮ ᠢᠶᠠᠨ ᠳᠡᠭᠡᠭᠰᠢᠯᠡᠭᠦᠯᠵᠦ᠂ ᠪᠠᠶᠢᠴᠠᠭᠠᠨ ᠴᠡᠭᠴᠡᠯᠡᠬᠦ ᠶᠢ ᠪᠡᠶᠡᠯᠡᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠳᠠᠯᠳᠠ ᠭᠡᠮ ᠢ ᠵᠠᠰᠠᠬᠤ ︽ᠳᠠᠬᠢᠨ ᠰᠡᠷᠭᠦᠭᠡᠬᠦ︾ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠲᠡᠷᠭᠡᠨ ᠤ ᠳ᠋ᠢᠶᠠᠨ ᡂᠢ ᠪᠣᠯᠤᠨ ᠴᠠᠬᠢᠯᠭᠠᠨ ᠴᠡᠨᠡᠭᠯᠡᠬᠦ ᠪᠠᠷᠢᠮᠵᠢᠶ᠎ᠠ ᠶᠢᠨ ᠤᠬᠠᠭᠤᠯᠤᠨ ᠲᠤᠤᠱᠯᠠᠭᠤᠯᠬᠤ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠪᠤᠢ ᠪᠣᠯᠭᠠᠵᠤ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号