ᠴᠧᠩᠽᠢ ᠰᠢᠶᠠᠩ ᠪᠣᠯᠤᠨ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/9
    5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠴᠧᠩᠽᠢ ᠰᠢᠶᠠᠩ ᠪᠣᠯᠤᠨ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠱᠢ ᠴᠤᠤ ᠪᠣᠯᠤᠨ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠬᠢᠷᠤᠯ ᠯᠢ ᠭᠧ ᠵᠢᠶᠦ᠋ᠨ ᠬᠠᠮᠲᠤᠪᠠᠷ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠠᠭᠤᠷᠢᠨ ᠤ ᠫᠠᠶᠢᠰᠠ ᠶᠢ ᠰᠡᠬᠦᠪᠡ᠃    ᠵᠤᠤ ᠱᠢ ᠴᠤᠤ ᠵᠢᠭᠠᠵᠤ ᠭᠠᠷᠭᠠᠭᠰᠠᠨ ᠨᠢ᠂ ᠴᠧᠩᠽᠢ ᠰᠢᠶᠠᠩ ᠪᠣᠯᠤᠨ ᠳᠡᠭᠡᠳᠦ ᠰᠤᠷᠭᠠᠭᠤᠯᠢ ᠨᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠥᠷᠨᠢᠭᠦᠯᠦᠭᠰᠡᠨ ᠨᠢ ᠴᠧᠩᠽᠢ ᠰᠢᠶᠠᠩ ᠴᠢᠨᠠᠭᠰᠢᠯᠠᠪᠠᠯ ᠪᠦᠬᠦ᠋ᠢᠯᠡ ᠰᠦᠩᠱᠠᠨ ᠲᠣᠭᠤᠷᠢᠭ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠨᠢ ᠯᠠᠪᠲᠠᠢ ᠶᠤᠮ᠃ ᠰᠦᠩᠱᠠᠨ ᠲᠣᠭᠤᠷᠢᠭ ᠲᠣᠰ ᠤᠳᠠᠭᠠᠨ ᠤ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠰᠦᠩᠱᠠᠨ ᠲᠣᠭᠤᠷᠢᠭ ᠴᠤ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠰᠠᠶᠢᠨ ᠪᠠᠲᠤᠯᠠᠭ᠎ᠠ ᠪᠠᠷ ᠡᠯ᠎ᠡ ᠵᠦᠢᠯ ᠤᠨ ᠬᠠᠮᠲᠤᠷᠠᠯᠴᠠᠭ᠎ᠠ ᠶᠢᠨ ᠤᠷᠤᠭᠰᠢᠲᠠᠢ ᠥᠷᠨᠢᠬᠦ ᠶᠢ ᠪᠠᠲᠤᠯᠠᠵᠤ᠂ ᠲᠠᠷᠢᠶᠠᠯᠠᠩ ᠤᠨ ᠬᠦᠴᠦᠷᠬᠡᠭ ᠣᠷᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃    ᠭᠡᠷ᠎ᠡ ᠲᠣᠭᠲᠠᠭᠰᠠᠨ ᠤ ᠳᠠᠷᠠᠭ᠎ᠠ᠂ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠯᠧᠺᠲ᠋ᠣᠷ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠥᠬᠦᠶ ᠮᠡᠷᠭᠡᠵᠢᠯ ᠤᠨ ᠮᠡᠳᠡᠯᠭᠡ ᠶᠢᠨ ᠲᠣᠭᠤᠷᠢᠨ ᠳᠤ ᠬᠢᠴᠢᠶᠡᠯ ᠣᠷᠣᠵᠤ᠂ ᠬᠤᠷᠠᠯ ᠳᠤ ᠣᠷᠣᠯᠴᠠᠭᠰᠠᠳ ᠪᠠᠰᠠ ᠴᠧᠩᠽᠢ ᠰᠢᠶᠠᠩ ᠤᠨ ᠸᠠᠩ ᠽᠢ ᠹᠧᠨ ᠲᠣᠰᠬᠤᠨ ᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃    ᠣᠶᠢᠯᠠᠭᠠᠭᠰᠠᠨ ᠢᠶᠠᠷ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠭᠡᠷ᠎ᠡ ᠲᠣᠭᠲᠠᠭᠰᠠᠨ ᠤ ᠳᠠᠷᠠᠭ᠎ᠠ᠂ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠳᠡᠯᠭᠡᠷᠡᠭᠦᠯᠬᠦ ᠵᠢᠴᠢ ᠴᠢᠳᠠᠪᠤᠷᠢᠲᠠᠨ ᠬᠥᠮᠦᠵᠢᠭᠦᠯᠬᠦ ᠵᠡᠷᠭᠡ ᠬᠦᠷᠢᠶᠡᠨ ᠳᠠᠬᠢ ᠢᠯᠡᠳᠲᠡ ᠳᠠᠪᠠᠭᠤᠯᠢᠭ ᠲᠤ ᠲᠦᠰᠢᠭᠯᠡᠨ᠂ ᠴᠧᠩᠽᠢ ᠰᠢᠶᠠᠩ ᠯᠤᠭ᠎ᠠ ᠠᠵᠤ ᠦᠢᠯᠡᠰ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠭ᠎ᠠ ᠬᠢᠬᠦ ᠪᠣᠯᠤᠨ᠎ᠠ᠃ ᠬᠤᠶᠠᠷ ᠲᠠᠯ᠎ᠠ ᠪᠠᠷ ᠢᠶᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠠᠭᠤᠷᠢᠨ ᠭᠠᠵᠠᠷ ᠢ ᠭᠠᠷ ᠬᠤᠯᠪᠣᠨ ᠪᠠᠶᠢᠭᠤᠯᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠬᠢᠭᠡᠳ ᠲᠣᠰ ᠭᠠᠵᠠᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠵᠢᠴᠢ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠰᠠᠶᠢᠨ ᠦᠢᠯᠡᠳᠦᠯᠴᠡᠯ ᠢ ᠠᠬᠢᠭᠤᠯᠵᠤ᠂ ᠴᠧᠩᠽᠢ ᠰᠢᠶᠠᠩ ᠤᠨ ᠥᠷᠭᠡᠨ ᠣᠯᠠᠨ ᠮᠠᠯᠴᠢᠨ ᠲᠠᠷᠢᠶᠠᠴᠢᠨ ᠤ ᠳᠠᠷᠢᠵᠤ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号