ᠪᠠᠷᠢᠮᠵᠢᠶᠠᠵᠢᠭᠤᠯᠬᠤ ᠠᠵᠢᠯ ᠪᠣᠯ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠴᠢᠬᠤᠯᠠ ᠲᠤᠯᠭᠠᠭᠤᠷᠢᠯᠠᠯ ᠪᠣᠯᠤᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ 2024 ᠣᠨ ᠤ 5 ᠰᠠᠷ᠎ᠠ ᠶᠢᠨ | 6 ᠤ ᠡᠳᠦᠷ ︽ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠬᠤ ᠠᠵᠢᠯ ᠤᠨ ᠨᠠᠷᠢᠨ ᠲᠦᠷᠢᠮ︾ ︵ᠳᠣᠷᠣᠭᠰᠢ | ︽ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠨᠠᠷᠢᠨ ᠲᠦᠷᠢᠮ︾ ᠢ ᠨᠠᠩ ᠰᠠᠶᠢᠲᠤᠷ | ᠤᠶᠢᠯᠠᠭᠠᠨ ᠬᠡᠷᠡᠭᠵᠢᠭᠦᠯᠬᠦ ᠶᠢᠨ ᠲᠥᠯᠥᠭᠡ᠂ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ | ᠳᠣᠤᠷᠠᠬᠢ ᠮᠡᠲᠦ ᠲᠠᠶᠢᠯᠤᠮᠵᠢ ᠬᠢᠶ᠎ᠡ᠄ | ︽ᠨᠠᠷᠢᠨ ᠳᠦᠷᠢᠮ︾ ᠢ 6 ᠪᠦᠯᠦᠭ 41 ᠵᠦᠢᠯ ᠬᠤᠪᠢᠶᠠᠵᠤ᠂ ᠡᠭᠦᠨ ᠳᠤ ᠨᠢᠭᠡ ᠠᠴᠠ ᠭᠤᠷᠪᠠᠳᠤᠭᠠᠷ | ᠪᠦᠯᠦᠭ ᠲᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠳᠠᠯᠢ ᠪᠤᠰᠤ ᠲᠥᠷᠥᠯ ᠬᠡᠯᠪᠡᠷᠢ ᠶᠢᠨ ᠪᠠᠷᠢᠮᠵᠢᠶ᠎ᠠ ᠶᠢᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠦᠨᠳᠦᠰᠦᠯᠡᠨ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ | ᠪᠠᠷᠢᠮᠵᠢᠶ᠎ᠠ ᠶᠢᠨ ᠠᠵᠢᠯ ᠤᠨ ᠶᠠᠪᠤᠴᠠ ᠵᠢᠴᠢ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠣᠳᠠᠲᠠᠶ ᠪᠠᠷ ᠲᠤᠭᠲᠠᠭᠠᠪᠠ︔ ᠳᠥᠷᠪᠡᠳᠦᠭᠡᠷ ᠪᠦᠯᠦᠭ ᠲᠤ ᠪᠠᠷᠢᠮᠵᠢᠶ᠎ᠠ ᠶᠢᠨ | ᠳᠡᠯᠡᠬᠡᠶᠢᠴᠢᠯᠡᠬᠦ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠳᠣᠷᠬᠠᠶᠢᠯᠠᠪᠠ︔ ᠲᠠᠪᠤᠳᠤᠭᠠᠷ ᠪᠦᠯᠦᠭ ᠲᠤ | ᠪᠠᠷᠢᠮᠵᠢᠶ᠎ᠠ ᠶᠢᠨ ᠤᠬᠠᠭᠤᠯᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠴᠢᠬᠤᠯᠠᠴᠢᠯᠠᠪᠠ︔ ᠵᠢᠷᠭᠤᠳᠤᠭᠠᠷ | ᠪᠦᠯᠦᠭ ᠲᠤ ᠬᠤᠯᠪᠣᠭᠳᠠᠯ ᠪᠥᠬᠦᠶ ᠪᠥᠬᠦ ᠤᠯᠤᠰ ᠤᠨ ᠲᠤᠰᠬᠠᠶ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ | ᠮᠡᠷᠭᠡᠵᠢᠯ ᠤᠨ ᠵᠥᠪᠯᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠷᠢᠯᠢᠬᠵᠢᠭᠤᠯᠪᠠ᠃ ︽ᠨᠠᠷᠢᠨ ᠲᠦᠷᠢᠮ︾ ᠤᠨ | ᠳᠠᠭᠠᠯᠳᠤᠭᠤᠯᠤᠯ ᠳᠤ ᠭᠤᠤᠯᠳᠠᠭᠤ ᠪᠠᠷᠢᠮᠵᠢᠶ᠎ᠠ ᠶᠢ ᠲᠣᠭᠲᠠᠭᠠᠬᠤ ᠬᠠᠮᠢᠶ᠎ᠠ ᠪᠥᠬᠦᠶ ᠴᠤᠪᠤᠷᠠᠯ᠂ ᠮᠠᠲ᠋ᠧᠷᠢᠶᠠᠯ ᠵᠢᠴᠢ | ᠪᠢᠴᠢᠭ ᠮᠠᠲ᠋ᠧᠷᠢᠶᠠᠯ ᠤᠨ ᠬᠡᠪ ᠢ ᠲᠣᠳᠣᠷᠬᠠᠶᠢᠯᠠᠪᠠ᠃ | ︽ᠨᠠᠷᠢᠨ ᠲᠦᠷᠢᠮ︾ ᠳᠤ ᠡᠯ᠎ᠡ ᠲᠥᠷᠥᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ | ᠲᠣᠭᠲᠠᠭᠠᠯ ᠭᠠᠷᠭᠠᠪᠠ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠳᠤ᠂ ︽ᠨᠠᠷᠢᠨ ᠲᠦᠷᠢᠮ︾ | ᠨᠢ ᠲᠣᠭᠲᠠᠭᠠᠬᠤ᠂ ᠳᠠᠬᠢᠨ ᠬᠢᠨᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠵᠡᠷᠭᠡ ᠪᠣᠳᠠᠲᠠᠶ | ᠠᠵᠢᠯ ᠤᠨ ᠲᠠᠰ ᠳᠠᠷᠠᠭᠠᠯᠠᠯ ᠪᠠ ᠮᠠᠲ᠋ᠧᠷᠢᠶᠠᠯ ᠤᠨ ᠱᠠᠭᠠᠷᠳᠠᠯᠭ᠎ᠠ ᠶᠢ ᠭᠤᠤᠯᠳᠠᠯᠭ᠎ᠠ ᠲᠠᠢ ᠲᠣᠳᠣᠷᠬᠠᠶᠢᠯᠠᠪᠠ︔ ᠣᠷᠣᠨ | ᠨᠤᠲᠤᠭ ᠤᠨ ᠪᠠᠷᠢᠮᠵᠢᠶ᠎ᠠ ᠳᠤ᠂ ︽ᠨᠠᠷᠢᠨ ᠲᠦᠷᠢᠮ︾ ᠨᠢ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ ᠬᠠᠮᠢᠶ᠎ᠠ ᠪᠥᠬᠦᠶ | ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠱᠠᠭᠠᠷᠳᠠᠯᠭ᠎ᠠ ᠶᠢ ᠨᠥᠬᠦᠪᠥᠷᠢᠯᠡᠪᠡ︔ ᠪᠦᠯᠬᠦᠮ ᠤᠨ ᠪᠠᠷᠢᠮᠵᠢᠶ᠎ᠠ ᠳᠤ᠂ ︽ | ᠨᠠᠷᠢᠨ ᠲᠦᠷᠢᠮ ᠨᠢ ᠬᠥᠲᠥᠯᠦᠨ ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠭᠤᠤᠯᠳᠠᠯᠭ᠎ᠠ | ᠪᠤᠯᠭᠠᠪᠠ︔ ᠠᠵᠤ ᠠᠬᠤᠶᠢᠯᠠᠯ ᠤᠨ ᠪᠠᠷᠢᠮᠵᠢᠶ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ︽ᠠᠵᠤ ᠠᠬᠤᠶᠢᠯᠠᠯ ᠤᠨ ᠪᠠᠷᠢᠮᠵᠢᠶᠠᠵᠢᠭᠤᠯᠬᠤ ᠶᠢ ᠠᠬᠢᠭᠤᠯᠬᠤ ᠠᠷᠭ᠎ᠠ︾ ᠳᠤ ᠲᠣᠳᠣᠷᠬᠠᠶ | ᠲᠣᠭᠲᠠᠭᠠᠭᠰᠠᠨ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠵᠠᠷᠴᠢᠮ ᠶᠣᠰᠣᠭᠠᠷ᠂ ︽ᠬᠠᠮᠢᠶᠠᠷᠤᠯᠲᠠ ᠶᠢᠨ ᠠᠷᠭ᠎ᠠ︾ ᠳᠤ ᠨᠢᠭᠡᠨᠲᠡ ᠶᠡᠷᠦᠩᠬᠡᠶ ᠱᠠᠭᠠᠷᠳᠠᠯᠭ᠎ᠠ ᠳᠤᠷᠠᠳᠤᠭᠰᠠᠨ | ᠪᠣᠯᠬᠤᠷ ︽ᠨᠠᠷᠢᠨ ᠲᠦᠷᠢᠮ︾ ᠳᠤ ᠢᠯᠡᠭᠦᠴᠡ ᠱᠠᠭᠠᠷᠳᠠᠯᠭ᠎ᠠ ᠳᠠᠭᠢᠵᠤ ᠨᠡᠮᠡᠭᠳᠡᠬᠦ ᠥᠬᠡᠶ ᠭᠡᠵᠦ ᠲᠣᠳᠣᠷᠬᠠᠶᠢᠯᠠᠪᠠ᠃ |