ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠦᠨ ᠥᠷᠭᠡᠳᠬᠡᠵᠦ᠂ ᠨᠥᠬᠦᠴᠡᠯ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ | ᠡᠲᠡᠭᠡᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠥᠪᠡᠷ ᠤᠨ ᠬᠦᠷᠢᠶ᠎ᠡ ᠬᠠᠰᠢᠶ᠎ᠠ ᠶᠢᠨ ᠣᠷᠣᠨ ᠵᠠᠢ | ᠂ ᠰᠤᠯᠠ ᠪᠠᠶᠢᠭ᠎ᠠ ᠣᠷᠣᠨ ᠰᠠᠭᠤᠴᠠ ᠵᠢᠴᠢ ᠪᠤᠰᠤᠳ ᠡᠳ᠋ ᠬᠦᠷᠦᠩᠭᠡ ᠶᠢ ᠠᠰᠢᠭᠯᠠᠵᠤ᠂ ᠬᠦᠷᠢᠶ᠎ᠡ ᠬᠠᠰᠢᠶ᠎ᠠ ᠶᠢᠨ | ᠠᠵᠤ ᠠᠬᠤᠢ ᠶᠢ ᠬᠥᠭᠵᠢᠭᠦᠯᠵᠦ᠂ ᠣᠷᠣᠯᠭ᠎ᠠ ᠶᠢᠨ ᠢᠷᠡᠯᠲᠡ ᠶᠢ ᠥᠷᠭᠡᠳᠬᠡᠬᠦ ᠶᠢᠨ ᠲᠥᠯᠥᠭᠡ᠂ 6 ᠰᠠᠷ᠎ᠠ ᠶᠢᠨ | 11 ᠤ ᠡᠳᠦᠷ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠱᠢ ᠴᠤᠤ ᠬᠠᠷᠠᠲᠣᠬᠤᠢ ᠪᠠᠯᠭᠠᠰᠤᠨ ᠳᠤ ᠬᠦᠷᠴᠦ | ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠵᠢᠭᠠᠨ | ᠵᠢᠯᠣᠭᠤᠳᠪᠠ᠃ ᠬᠠᠷᠠᠲᠣᠬᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠫᠠᠨ ᠶᠠᠨ ᠹᠧᠩ᠂ ᠨᠠᠮ ᠤᠨ | ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠭᠤᠤ ᠶᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | ᠵᠤᠤ ᠱᠢ ᠴᠤᠤ ᠬᠠᠷᠠᠲᠣᠬᠤᠢ ᠪᠠᠯᠭᠠᠰᠤᠨ ᠤ ᠸᠠᠩ ᠵᠢᠶᠠ ᠳ᠋ᠢ ᠲᠣᠰᠬᠤᠨ᠂ ᠴᠤᠸᠠᠨ ᠪᠦᠦ ᠳ᠋ᠢ ᠲᠣᠰᠬᠤᠨ ᠳᠤ | ᠭᠦᠨᠵᠡᠭᠡᠶᠢᠷᠡᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ | ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠤᠯᠠᠨ ᠲᠦᠮᠡᠨ᠂ ᠦᠨᠳᠦᠰᠦᠨ ᠱᠠᠲᠤᠨ ᠤ ᠺᠠᠳ᠋ᠷ᠂ ᠲᠣᠰᠬᠤᠨ ᠳᠤ | ᠰᠠᠭᠤᠭ᠎ᠠ ᠠᠵᠢᠯᠯᠠᠬᠤ ᠠᠩᠬᠢ ᠲᠠᠢ ᠥᠷᠭᠡᠨ ᠢᠶᠠᠷ ᠰᠣᠯᠢᠯᠴᠠᠵᠤ᠂ ᠠᠰᠠᠭᠤᠳᠠᠯ ᠤᠨ ᠵᠠᠩᠭᠢᠯᠠᠭ᠎ᠠ ᠶᠢ ᠵᠠᠳᠠᠯᠵᠤ᠂ | ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ | ᠠᠵᠢᠯ ᠢ ᠬᠡᠷᠬᠢᠨ ᠰᠠᠶᠢᠲᠤᠷ ᠠᠳᠬᠤᠬᠤ ᠲᠤᠬᠠᠢ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠪᠠ᠃ | ᠵᠤᠤ ᠱᠢ ᠴᠤᠤ ᠵᠢᠭᠠᠵᠤ ᠭᠠᠷᠭᠠᠭᠰᠠᠨ ᠨᠢ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠣᠯ | ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠯᠪᠡᠷᠢ ᠮᠥᠨ᠂ ᠪᠠᠰᠠ | ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ | ᠭᠠᠷᠳᠠᠴᠠ ᠮᠥᠨ᠃ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠳᠤ ᠬᠥᠳᠡᠭᠡ ᠲᠣᠰᠬᠤᠨ ᠤ | ᠥᠭᠡᠷᠡᠴᠢᠯᠡᠯᠲᠡ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ | ᠭᠤᠤᠯᠳᠠᠯᠭ᠎ᠠ ᠪᠣᠯᠭᠠᠨ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠᠷ ᠭᠤᠤᠯ | ᠰᠢᠵᠢᠮ ᠪᠣᠯᠭᠠᠵᠤ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠠᠷᠠᠯᠲᠠ | ᠪᠣᠯᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠭᠤᠤᠯ ᠪᠣᠯᠭᠠᠬᠤ ᠬᠡᠷᠡᠭᠲᠡᠶ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠤᠯᠠᠨ ᠲᠦᠮᠡᠨ ᠤ ᠰᠠᠨᠠᠯ ᠢ ᠬᠤᠷᠢᠶᠠᠬᠤ᠂ ᠪᠦᠬᠦᠯᠢ ᠴᠣᠭᠴᠠ ᠶᠢᠨ ᠵᠢᠷᠤᠭ | ᠲᠥᠯᠥᠪᠯᠡᠭᠡ ᠶᠢ ᠰᠠᠶᠢᠲᠤᠷ ᠬᠢᠵᠦ᠂ ᠭᠤᠣᠯᠳᠠᠯᠭ᠎ᠠ ᠲᠠᠢ᠂ ᠣᠨᠴᠠᠯᠢᠭ ᠲᠠᠢ᠂ ᠬᠢᠯᠠᠰ ᠴᠡᠭ ᠲᠠᠢ ᠪᠠᠶᠢᠬᠤ ᠬᠡᠷᠡᠭᠲᠡᠢ᠂ | ᠬᠠᠮᠢᠶᠠᠷᠤᠯᠲᠠ ᠶᠢ ᠰᠠᠶᠢᠲᠤᠷ ᠬᠢᠬᠦ ᠶᠢᠨ ᠬᠠᠮᠲᠤ ᠶᠠᠰᠤ ᠴᠢᠨᠠᠷ ᠪᠣᠯᠤᠨ ᠤᠨᠠᠯᠲᠠ ᠶᠢ ᠳᠡᠭᠡᠭᠰᠢᠯᠡᠭᠦᠯᠬᠦ ᠬᠡᠷᠡᠭᠲᠡᠢ᠃ | ᠫᠠᠨ ᠶᠠᠨ ᠹᠧᠩ᠂ ᠬᠠᠷᠠᠲᠤᠬᠤᠢ ᠪᠠᠯᠭᠠᠰᠤ ᠶᠢᠨ ᠬᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠬᠥᠭᠵᠢᠯᠲᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠬᠦᠷᠢᠶ᠎ᠡ | ᠬᠠᠰᠢᠶ᠎ᠠ ᠶᠢᠨ ᠠᠵᠤ ᠠᠬᠤᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ | ᠠᠬᠢᠭᠤᠯᠵᠤ᠂ ᠡᠷᠦᠬᠡ ᠪᠣᠯᠭᠠᠨ ᠬᠢᠯᠠᠰ ᠴᠡᠭ ᠲᠠᠢ᠂ ᠬᠥᠮᠦᠨ ᠪᠣᠯᠭᠠᠨ ᠣᠷᠣᠯᠭ᠎ᠠ ᠪᠠᠨ ᠨᠡᠮᠡᠭᠳᠡᠭᠦᠯᠬᠦ ᠶᠢ ᠴᠢᠷᠮᠠᠶᠢᠨ | ᠪᠡᠶᠡᠯᠡᠭᠦᠯᠵᠦ᠂ ᠬᠦᠷᠢᠶ᠎ᠡ ᠬᠠᠰᠢᠶ᠎ᠠ ᠶᠢᠨ ︽ᠵᠢᠵᠢᠭ ᠠᠵᠤ ᠠᠬᠤᠢ︾ ᠪᠠᠷ ᠬᠥᠳᠡᠭᠡ ᠲᠣᠰᠬᠤᠨ ᠤ ︽ᠶᠡᠬᠡᠪᠡᠷ | ᠬᠥᠭᠵᠢᠭᠦᠯᠦᠨ ᠮᠠᠨᠳᠤᠭᠤᠯᠬᠤ︾ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠳᠠᠷᠠᠭ᠎ᠠ ᠳᠤᠨᠢ᠂ ᠵᠤᠤ ᠱᠢ ᠴᠤᠤ ᠡᠷᠳᠡᠨᠢ ᠰᠢᠰᠢ ᠶᠢᠨ ᠦᠷ᠎ᠡ ᠶᠢ ᠬᠠᠳᠠᠭᠠᠬᠤ ᠲᠦᠷᠦᠯ ᠵᠦᠢᠯ ᠢ ᠪᠠᠶᠢᠴᠠᠭᠠᠨ | ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠣᠳᠣᠬᠠᠨ ᠤ ᠪᠦᠲᠦᠮᠵᠢᠲᠡᠢ ᠪᠠᠷᠢᠯᠭ᠎ᠠ ᠪᠠᠷᠢᠬᠤ ᠬᠤᠭᠤᠴᠠᠭ᠎ᠠ ᠶᠢ | ᠠᠮᠵᠢᠨ ᠠᠳᠬᠤᠵᠤ᠂ ᠠᠯᠢᠪᠠ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠠᠯᠢᠪᠠ ᠠᠷᠭ᠎ᠠ ᠬᠡᠮᠵᠢᠶ᠎ᠡ ᠶᠢ | ᠭᠦᠢᠴᠡᠳ ᠬᠡᠷᠡᠭᠵᠢᠭᠦᠯᠵᠦ᠂ ᠲᠦᠷᠦᠯ ᠵᠦᠢᠯ ᠢ ᠠᠬᠢᠭᠤᠯᠬᠤ ᠲᠥᠯᠥᠪᠯᠡᠭᠡ ᠶᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠲᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ | ᠪᠠᠷᠢᠯᠭ᠎ᠠ ᠶᠢᠨ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠬᠢᠵᠦ᠂ ᠪᠠᠷᠢᠯᠭ᠎ᠠ ᠶᠢᠨ ᠠᠮᠤᠷ ᠲᠦᠪᠰᠢᠨ ᠤ | ᠰᠡᠷᠭᠡᠶᠢᠯᠡᠯᠲᠡ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ᠂ | ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠵᠢᠴᠢ ᠪᠠᠷᠢᠯᠭ᠎ᠠ ᠶᠢᠨ ᠶᠠᠰᠤ | ᠴᠢᠨᠠᠷ ᠢ ᠴᠠᠭ ᠢᠮᠠᠭᠲᠠ ᠰᠠᠶᠢᠲᠤᠷ ᠪᠠᠲᠤᠯᠠᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ᠃ |