6 ᠰᠠᠷ᠎ᠠ ᠶᠢᠨ 7 ᠤ ᠦᠳᠡ ᠶᠢᠨ ᠡᠮᠦᠨ᠎ᠡ᠂ ᠢᠦᠢ ᠯᠦᠩ ᠵᠡᠭᠡᠯᠢ ᠭᠤᠳᠤᠮᠵᠢ ᠶᠢᠨ ︽ᠬᠤᠪᠢᠰᠬᠠᠯᠲᠤ ᠠᠳᠠᠯ | ᠠᠬᠤᠢ ᠶᠢᠨ ᠬᠤᠯᠪᠣᠭ᠎ᠠ︾ ᠶᠢ ᠪᠠᠶᠢᠭᠤᠯᠬᠤ ᠶᠡᠭᠡ ᠬᠤᠷᠠᠯ ᠵᠢᠴᠢ ᠶᠢᠰᠦᠳᠦᠭᠡᠷ ᠬᠤᠭᠤᠴᠠᠭᠠᠨ ᠤ ᠠᠳᠠᠯ ᠠᠬᠤᠢ ᠶᠢᠨ | ᠨᠥᠬᠦᠷᠯᠡᠯ ᠤᠨ ᠬᠤᠷᠠᠯ ᠬᠤᠷᠠᠯᠳᠤᠪᠠ᠃ | ᠠᠵᠢᠯᠯᠠᠭ᠎ᠠ ᠶᠢᠨ ᠳᠤᠮᠳᠠ᠂ ︽ᠢᠦᠢ ᠯᠦᠩ ᠵᠡᠭᠡᠯᠢ ᠭᠤᠳᠤᠮᠵᠢ ᠶᠢᠨ ᠬᠤᠪᠢᠰᠬᠠᠯᠲᠤ ᠠᠳᠠᠯ ᠠᠬᠤᠢ ᠶᠢᠨ | ᠬᠤᠯᠪᠣᠭ᠎ᠠ︾ ᠶᠢᠨ ᠫᠠᠶᠢᠰᠠ ᠶᠢ ᠰᠡᠬᠦᠪᠡ︔ 2023 ᠣᠨ ᠤ ᠰᠢᠯᠢᠳᠡᠭ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠶᠢᠯᠠᠯ ᠳᠤ ᠱᠠᠩᠨᠠᠯ ᠣᠯᠭᠤᠵᠤ᠂ ᠰᠢᠯᠢᠳᠡᠭ ᠠᠳᠠᠯ ᠠᠬᠤᠢ ᠶᠢᠨ ᠳᠠᠭᠠᠭᠠᠮᠠᠯ ᠳᠤ ᠢᠷᠠᠭᠤ ᠠᠯᠳᠠᠷ ᠤᠨ | ᠦᠨᠡᠮᠯᠡᠯ ᠣᠯᠭᠤᠪᠠ᠃ | ᠢᠦᠢ ᠯᠦᠩ ᠤᠯᠠᠭᠠᠨᠮᠥ᠋ᠴᠢᠷ ᠪᠣᠯᠤᠨ ᠢᠦᠢ ᠯᠦᠩ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠤ ᠠᠳᠠᠯ | ᠠᠬᠤᠢ ᠶᠢᠨ ᠺᠣᠮᠫᠠᠨᠢ ᠶᠢᠨ ᠲᠥᠯᠥᠭᠡᠯᠡᠭᠴᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠭᠠᠷᠭᠠᠪᠠ᠃ | ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠪᠠᠷ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ | ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠢᠦᠶ ᠯᠦᠩ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ ᠬᠠᠷᠢᠶᠠᠲᠤ ᠣᠷᠣᠨ ᠤ 16 ᠠᠳᠠᠯ ᠠᠬᠤᠶ ᠶᠢᠨ ᠺᠣᠮᠫᠠᠨᠢ ᠶᠢ | ᠡᠮᠬᠢᠯᠡᠨ ᠨᠡᠶᠢᠯᠡᠭᠦᠯᠵᠦ᠂ ᠵᠡᠭᠡᠯᠢ ᠭᠤᠳᠤᠮᠵᠢ ᠶᠢᠨ ︽ᠬᠤᠪᠢᠰᠬᠠᠯᠲᠤ ᠠᠳᠠᠯ ᠠᠬᠤᠶ ᠶᠢᠨ ᠬᠤᠯᠪᠣᠭ᠎ᠠ︾ ᠶᠢ ᠡᠭᠦᠳᠦᠨ | ᠪᠠᠶᠢᠭᠤᠯᠪᠠ᠃ | ᠬᠤᠯᠪᠣᠭ᠎ᠠ ᠨᠢ ᠨᠠᠮ ᠤᠨ ᠭᠡᠰᠢᠭᠦᠨ ᠤ ᠭᠤᠤᠯᠯᠠᠭᠴᠢ ᠬᠦᠴᠦᠨ ᠢᠶᠠᠷ ︽ᠬᠤᠪᠢᠰᠬᠠᠯᠲᠤ ᠬᠠᠮᠢᠶᠠᠷᠤᠭᠴᠢ︾ ᠶᠢ | ᠪᠦᠷᠢᠯᠳᠦᠭᠦᠯᠵᠦ᠂ ᠠᠳᠠᠯ ᠠᠬᠤᠶ ᠶᠢᠨ ᠠᠵᠢᠯᠲᠠᠳ ︽ᠠᠳᠠᠯ ᠠᠬᠤᠶ ᠶᠢᠨ ᠬᠠᠮᠢᠶᠠᠷᠤᠭᠴᠢ︾ ᠶᠢ ᠪᠦᠷᠢᠯᠳᠦᠭᠦᠯᠵᠦ᠂ | ︽ᠪᠢᠴᠢᠯ ᠠᠵᠢᠯᠯᠠᠭ᠎ᠠ︾᠂ ︽ᠪᠢᠴᠢᠯ ᠨᠡᠶᠢᠲᠡ ᠶᠢᠨ ᠠᠰᠠᠷᠠᠮᠵᠢ︾᠂ ︽ᠪᠢᠴᠢᠯ ᠬᠢᠴᠢᠶᠡᠯ ᠤᠨ ᠲᠠᠩᠬᠢᠮ︾᠂ ︽ | ᠪᠢᠴᠢᠯ ᠪᠣᠳᠠᠲᠤ ᠶᠠᠪᠤᠳᠠᠯ︾᠂ ︽ᠪᠢᠴᠢᠯ ᠬᠦᠰᠡᠯ ᠰᠠᠨᠠᠭ᠎ᠠ︾ ᠵᠡᠷᠭᠡ ︽ᠲᠠᠪᠤᠨ ᠪᠢᠴᠢᠯ ᠦᠢᠯᠡᠴᠢᠯᠡᠭᠡ︾ ᠶᠢ | ᠥᠷᠨᠢᠭᠦᠯᠬᠦ ᠪᠠᠷ ᠳᠠᠮᠵᠢᠭᠤᠯᠤᠨ᠂ ᠠᠳᠠᠯ ᠠᠬᠤᠶ ᠶᠢ ᠠᠭᠤᠰᠤᠯᠴᠠᠭᠤᠯᠤᠨ ᠬᠠᠮᠲᠤᠪᠠᠷ ᠤᠷᠤᠭᠰᠢᠯᠠᠭᠤᠯᠬᠤ᠂ | ᠰᠠᠭᠤᠭᠠᠯᠢ ᠠᠷᠠᠳ ᠤᠨ ᠪᠥᠬᠦ ᠶᠠᠪᠤᠴᠠ ᠳᠤ ᠣᠷᠣᠯᠴᠠᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ | ᠬᠠᠮᠲᠤ ᠪᠠᠷ ᠡᠳ᠋ᠯᠡᠬᠦ ᠠᠷᠭ᠎ᠠ ᠵᠠᠮ ᠢ ᠰᠦᠪᠡᠭᠴᠢᠯᠡᠵᠦ᠂ ᠰᠠᠭᠤᠭᠠᠯᠢ ᠲᠣᠭᠤᠷᠢᠭ ᠤᠨ ᠵᠠᠰᠠᠯᠲᠠ ᠶᠢᠨ ︽ᠮᠡᠳᠡᠷᠡᠯ ᠤᠨ | ᠰᠡᠵᠢᠭᠦᠷ︾ ᠢ ᠪᠥᠬᠦ ᠬᠦᠴᠦᠨ ᠢᠶᠠᠷ ᠢᠶᠠᠨ ᠬᠥᠭᠵᠢᠭᠡᠵᠦ᠂ ᠠᠳᠠᠯ ᠠᠬᠤᠶ ᠶᠢᠨ ᠦᠢᠯᠡᠴᠢᠯᠡᠭᠡᠨ ᠤ ᠴᠢᠨᠠᠷ ᠰᠠᠶᠢᠲᠠᠶ ᠪᠠ | ᠣᠯᠠᠨ ᠶᠠᠩᠵᠤ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ |