ᠬᠤᠲᠠ᠂ ᠲᠣᠭᠤᠷᠢᠭ ᠬᠤᠶᠠᠷ ᠱᠠᠲᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ︽ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/18
    6 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠲᠠ᠂ ᠲᠣᠭᠤᠷᠢᠭ ᠬᠤᠶᠠᠷ ᠱᠠᠲᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠰᠦᠩᠱᠠᠨ ᠲᠣᠭᠤᠷᠢᠭ ᠤᠨ ᠶᠦᠩ ᠶᠧ ᠠᠭᠤᠳᠠᠮ ᠲᠠᠯᠠᠪᠠᠶ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ᠄ ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠪᠠᠷ ᠭᠤᠤᠯ ᠰᠡᠳᠦᠪ ᠪᠣᠯᠭᠠᠭᠰᠠᠨ ︽ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠥᠷᠨᠢᠭᠦᠯᠪᠡ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠾᠦᠢ ᠶᠠᠷᠢᠶᠠᠨ ᠳᠠᠭᠠᠨ ᠱᠠᠭᠠᠷᠳᠠᠭᠰᠠᠨ ᠨᠢ᠂ ᠪᠦᠬᠦ ᠲᠣᠭᠤᠷᠢᠭ ᠢᠶᠠᠷ ᠢᠶᠠᠨ ᠬᠥᠮᠦᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠭᠤᠭᠴᠤᠭ᠎ᠠ ᠨᠢᠭᠡᠪᠦᠷᠢ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠵᠢᠶᠠᠩ ᠴᠠᠩ ᠾᠦᠢ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠪᠣᠯ ᠪᠦᠬᠦ ᠨᠡᠶᠢᠭᠡᠮ ᠤᠨ ᠠᠵᠢᠯ ᠮᠥᠨ᠂ ᠬᠥᠮᠦᠨ ᠪᠦᠬᠦᠨ ᠣᠷᠣᠯᠴᠠᠵᠤ᠂ ᠡᠯ᠎ᠡ ᠲᠠᠯ᠎ᠠ ᠶᠢᠨ ᠳᠡᠮᠵᠢᠯᠭᠡ ᠪᠠᠶᠢᠬᠤ ᠴᠢᠬᠤᠯᠠᠲᠠᠶ ᠶᠤᠮ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠬᠠᠤᠯᠢ ᠲᠣᠭᠲᠠᠭᠠᠯ ᠶᠣᠰᠣᠭᠠᠷ ᠠᠶᠤᠯᠭᠦᠶ ᠦᠢᠯᠡᠳᠪᠦᠷᠢᠯᠡᠯ ᠢ ᠥᠷᠨᠢᠭᠦᠯᠬᠦ ᠶᠢ ᠱᠠᠯᠠᠪᠳᠠᠭᠤᠯᠵᠤ᠂ ᠠᠶᠤᠯᠭᠦᠶ ᠦᠢᠯᠡᠳᠪᠦᠷᠢᠯᠡᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠠᠵᠢᠯ ᠡᠷᠭᠢᠯᠡᠭᠰᠡᠳ ᠤᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ︔ ᠥᠷᠭᠡᠨ ᠤᠯᠠᠨ ᠬᠤᠲᠠ ᠶᠢᠨ ᠠᠷᠠᠳ ᠪᠣᠯᠤᠨ ᠠᠵᠢᠯ ᠡᠷᠬᠢᠯᠡᠭᠰᠡᠳ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠮᠢᠶ᠎ᠠ ᠪᠦᠬᠦᠢ ᠮᠡᠳᠡᠯᠭᠡ ᠶᠢ ᠬᠢᠨᠠᠮᠠᠭᠠᠶ ᠰᠤᠷᠤᠯᠴᠠᠵᠤ᠂ ᠬᠠᠤᠯᠢ ᠴᠠᠭᠠᠵᠠ ᠶᠢᠨ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠠᠮᠤᠭᠤᠯᠠᠩ ᠰᠥᠩᠱᠠᠨ︾ ᠢ ᠡᠭᠦᠳᠦᠨ ᠪᠠᠶᠢᠭᠤᠯᠬᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃    ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢ᠂ ᠠᠵᠤ ᠠᠬᠤᠶᠢᠯᠠᠯ ᠤᠨ ᠲᠥᠯᠥᠭᠡᠯᠡᠭᠴᠢ ᠪᠣᠯᠤᠨ ᠰᠠᠭᠤᠭᠠᠯᠢ ᠠᠷᠠᠳ ᠤᠨ ᠲᠥᠯᠥᠭᠡᠯᠡᠭᠴᠢ ᠲᠡᠰ ᠳᠠᠷᠠᠭᠠᠯᠠᠨ ᠲᠠᠶᠢᠰᠠᠨ ᠳᠤ ᠭᠠᠷᠴᠤ ᠶᠠᠷᠢᠶ᠎ᠠ ᠲᠠᠯᠪᠢᠵᠤ᠂ ᠤᠯᠠᠨ ᠢ ᠢᠳᠡᠪᠬᠢᠲᠡᠢ ᠬᠥᠳᠡᠯᠦᠯᠴᠡᠵᠦ᠂ ᠠᠶᠤᠯᠭᠦᠢ ᠦᠢᠯᠡᠳᠪᠦᠷᠢᠯᠡᠯ ᠤᠨ ᠣᠷᠣᠯᠴᠠᠭᠴᠢ᠂ ᠤᠯᠠᠮᠵᠢᠯᠠᠭᠴᠢ ᠪᠣᠯᠤᠨ ᠬᠢᠨᠠᠯᠲᠠ ᠲᠠᠯᠪᠢᠭᠴᠢ ᠪᠣᠯᠬᠤ ᠪᠠᠷ ᠴᠢᠷᠮᠠᠶᠢᠬᠤ ᠶᠢ ᠤᠷᠢᠶᠠᠯᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ 30 ᠭᠠᠷᠤᠢ ᠠᠶᠤᠯᠭᠦᠢ ᠦᠢᠯᠡᠳᠪᠦᠷᠢᠯᠡᠯ ᠤᠨ ᠠᠰᠠᠭᠤᠨ ᠯᠠᠪᠯᠠᠬᠤ ᠲᠠᠪᠴᠠᠩ ᠭᠠᠷᠭᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠣᠯᠤᠨ ᠮᠡᠳᠡᠯᠭᠡ ᠶᠢ ᠲᠥᠪᠯᠡᠷᠡᠭᠦᠯᠦᠨ ᠤᠬᠠᠭᠤᠯᠪᠠ᠃ ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠱᠠᠩᠨᠠᠯᠲᠤ ᠠᠰᠠᠭᠤᠯᠲᠠ ᠬᠠᠷᠢᠭᠤᠯᠲᠠ ᠶᠢ ᠥᠷᠨᠢᠭᠦᠯᠵᠦ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号