ᠠᠺᠠᠳᠧᠮᠢᠴᠢ ᠶᠢᠨ ᠨᠤᠲᠤᠭ ᠤᠨ ᠠᠶᠠᠯᠠᠯ — ᠵᠦ ᠵᠢᠶᠣᠣ ᠵᠢᠶᠦ᠋ᠨ ᠡᠬᠡ ᠰᠤᠷᠭᠠᠭᠤᠯᠢ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠳᠤ ᠢᠷᠡᠵᠦ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/6/21
    6 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠦᠭᠳᠡᠨ ᠤ ᠬᠡᠷᠡᠭᠯᠡᠭᠡᠨ ᠤ ᠠᠮᠢ ᠠᠬᠤᠶ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠵᠦ ᠵᠢᠶᠤᠤ ᠵᠢᠶᠦ᠋ᠨ ᠨᠤᠲᠤᠭ ᠤᠨ ᠠᠶᠠᠯᠠᠯ ᠡᠬᠡ ᠰᠤᠷᠭᠠᠭᠤᠯᠢ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠳᠤ ᠢᠷᠡᠵᠦ ᠮᠡᠳᠡᠭᠦᠯᠦᠯᠲᠡ ᠶᠢᠨ ᠬᠤᠷᠠᠯ ᠡᠷᠭᠢᠯᠡᠪᠡ᠃ ᠵᠦ ᠵᠢᠶᠤᠤ ᠵᠢᠶᠦ᠋ᠨ ᠠᠺᠠᠳᠧᠮᠢᠴᠢ ᠶᠢᠨ ᠪᠦᠯᠬᠦᠮ ᠤᠨ ᠬᠤᠯᠪᠣᠭᠳᠠᠯ ᠪᠦᠬᠦᠢ ᠬᠥᠮᠦᠰ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠭᠦᠸᠧ ᠬᠤᠸᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠥᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᡁᠢ ᠭᠦᠸᠧ ᠵᠡᠷᠭᠡ ᠤᠳᠤᠷᠢᠳᠤᠯᠭ᠎ᠠ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠥᠯᠥᠭᠡᠯᠡᠭᠴᠢ᠂ ᠰᠣᠷᠣᠭᠴᠢ ᠶᠢᠨ ᠲᠥᠯᠥᠭᠡᠯᠡᠭᠴᠢ ᠭᠤᠤᠯ ᠬᠤᠷᠠᠯ ᠤᠨ ᠲᠠᠯᠠᠪᠠᠶ ᠳᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠪᠠ ᠪᠠᠭᠰᠢ ᠠᠵᠢᠯᠲᠠᠨ ᠸᠢᠳᠢᠤ᠋ ᠶᠢᠨ ᠬᠡᠯᠪᠡᠷᠢ ᠪᠠᠷ ᠮᠡᠳᠡᠭᠦᠯᠦᠯᠲᠡ ᠶᠢᠨ ᠬᠤᠷᠠᠯ ᠢ ᠭᠥᠯᠢᠶᠡᠨ ᠠᠪᠴᠤ ᠦᠵᠡᠪᠡ᠃    ᠵᠠᠩ ᠭᠦᠸᠧ ᠬᠤᠸᠠ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠵᠦ ᠵᠢᠶᠤᠤ ᠵᠢᠶᠦ᠋ᠨ ᠠᠺᠠᠳᠧᠮᠢᠴᠢ ᠠᠮᠢ ᠠᠬᠤᠢ ᠶᠢᠨ ᠬᠦᠷᠢᠶᠡᠨ ᠳᠤ 30 ᠭᠠᠷᠤᠢ ᠵᠢᠯ ᠵᠢᠳᠬᠦᠵᠦ᠂ ᠬᠡᠬᠦᠳᠡᠭ ᠳᠦᠭᠦᠷᠡᠩ ᠣᠷᠭᠢᠯᠤᠮ᠎ᠠ ᠰᠡᠳᠭᠢᠯᠭᠡ ᠪᠠᠷ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠴᠢᠷᠮᠠᠶᠢᠵᠤ᠂ ᠣᠨᠴᠠᠭᠠᠶᠢᠯᠠᠨ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ ᠲᠦᠷᠦᠯ ᠵᠦᠢᠯ ᠤᠨ ︽ᠵᠡᠭᠦᠨ ᠬᠡᠰᠡᠭ ᠤᠨ ᠪᠠᠶᠢᠯᠳᠤᠭᠠᠨ ᠤ ᠲᠣᠭᠤᠷᠢᠭ︾ ᠶᠢᠨ ᠴᠢᠬᠤᠯᠠ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠪᠦᠯᠬᠦᠮ ᠢᠶᠠᠨ ᠳᠠᠭᠠᠭᠤᠯᠤᠨ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠃ ᠲᠣᠰ ᠤᠳᠠᠭ᠎ᠠ ᠶᠢᠨ ᠵᠦ ᠵᠢᠶᠤᠤ ᠵᠢᠶᠦ᠋ᠨ ᠠᠺᠠᠳᠧᠮᠢᠴᠢ ᠶᠢᠨ ᠨᠤᠲᠤᠭ ᠲᠠᠭᠠᠨ ᠪᠤᠴᠠᠵᠤ ᠡᠬᠡ ᠰᠤᠷᠭᠠᠭᠤᠯᠢ ᠳᠠᠭᠠᠨ ᠪᠤᠴᠠᠭᠰᠠᠨ ᠨᠢ ᠮᠠᠨ ᠤ ᠬᠤᠲᠠ ᠶᠢᠨ ᠰᠤᠷᠭᠠᠨ ᠬᠥᠮᠦᠵᠢᠯ ᠳᠠᠬᠢ ᠬᠠᠯᠠᠮᠵᠢᠯᠠᠯ ᠪᠠ ᠳᠡᠮᠵᠢᠯᠭᠡ ᠮᠥᠨ᠃ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠨᠤᠭᠤᠳ ᠲᠣᠰ ᠤᠳᠠᠭᠠᠨ ᠤ ᠵᠦ ᠵᠢᠶᠤᠤ ᠵᠢᠶᠦ᠋ᠨ ᠠᠺᠠᠳᠧᠮᠢᠴᠢ ᠶᠢᠨ ᠨᠤᠲᠤᠭ ᠤᠰᠤᠨ ᠤ ᠪᠠᠨ ᠦᠢᠯᠡ ᠠᠵᠢᠯᠯᠠᠭ᠎ᠠ ᠶᠢᠨ ᠠᠵᠠ ᠲᠣᠬᠢᠶᠠᠯ ᠢᠶᠠᠷ  ᠳᠠᠮᠵᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠪᠣᠯᠭᠠᠭᠰᠠᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠤᠷᠭᠠᠭᠤᠯᠢ ᠡᠷᠭᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠬᠦ ᠬᠡᠷᠡᠭᠲᠡᠶ᠃ ᠰᠤᠷᠤᠭᠴᠢᠳ ᠵᠦ ᠵᠢᠶᠤᠤ ᠵᠢᠶᠦ᠋ᠨ ᠠᠺᠠᠳᠧᠮᠢᠴᠢ ᠪᠠᠷ ᠳᠠᠭᠤᠷᠢᠶᠠᠯ ᠪᠣᠯᠭᠠᠵᠤ᠂ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠵᠤ᠂ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠲᠡᠮᠡᠴᠡᠯ ᠤᠨ ᠳᠤᠮᠳᠠ ᠥᠪᠡᠷ ᠢ ᠪᠠᠨ ᠲᠠᠰᠤᠷᠠᠯᠲᠠ ᠦᠭᠡᠢ ᠳᠠᠪᠠᠵᠤ᠂ ᠥᠪᠡᠷ ᠢ ᠪᠠᠨ ᠪᠦᠲᠦᠭᠡᠬᠦ ᠶᠢ ᠬᠦᠰᠡᠵᠦ ᠪᠠᠶᠢᠨ᠎ᠠ ᠭᠡᠪᠡ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠵᠦ ᠵᠢᠶᠣᠣ ᠵᠢᠶᠦ᠋ᠨ ᠠᠺᠠᠳᠧᠮᠢᠴᠢ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠭᠤᠷᠪᠠᠨ ᠳᠠᠪᠬᠤᠷᠭ᠎ᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ᠂ ᠭᠤᠣᠯ ᠠᠭᠤᠯᠭ᠎ᠠ᠂ ᠠᠷᠭ᠎ᠠ ᠵᠠᠮ ᠵᠡᠷᠭᠡ ᠶᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠰᠤᠷᠤᠭᠴᠢᠳ ᠲᠤ ᠴᠢᠷᠮᠠᠶᠢᠨ ᠲᠡᠮᠡᠴᠡᠪᠡᠯ ᠰᠠᠶ᠋ᠢ ᠬᠦᠰᠡᠯ ᠵᠡᠭᠦᠳᠦ ᠪᠡᠶᠡᠯᠡᠭᠳᠡᠵᠦ ᠴᠢᠳᠠᠨ᠎ᠠ ᠭᠡᠪᠡ᠃ ᠪᠦᠬᠦ᠋ᠢᠯᠡ ᠲᠠᠯᠠᠪᠠᠢ ᠶᠢᠨ ᠮᠡᠳᠡᠭᠦᠯᠦᠯᠲᠡ ᠶᠢᠨ ᠬᠤᠷᠠᠯ ᠭᠦᠨᠵᠡᠭᠡᠢ ᠪᠥᠭᠡᠳ ᠣᠶᠢᠯᠠᠭᠠᠮᠵᠢᠲᠠᠢ ᠶᠠᠪᠤᠭᠳᠠᠵᠤ᠂ ᠲᠠᠲᠠᠭᠰᠠᠨ ᠬᠡᠷᠡᠭ ᠤᠨ ᠵᠢᠱᠢᠶ᠎ᠡ ᠨᠢ ᠨᠠᠷᠢᠨ ᠪᠣᠳᠠᠲᠠᠢ ᠪᠥᠭᠡᠳ ᠰᠡᠩᠬᠡᠷᠡᠭᠦᠯᠬᠦ ᠴᠢᠨᠠᠷ ᠲᠠᠢ᠂ ᠭᠦᠨ ᠭᠦᠨᠵᠡᠭᠡᠢ ᠰᠤᠷᠭᠠᠨ ᠬᠥᠮᠦᠵᠢᠯ ᠤᠨ ᠠᠴᠢ ᠬᠤᠯᠪᠣᠭᠳᠠᠯ ᠢ ᠠᠬᠤᠭᠤᠯᠵᠤ᠂ ᠬᠤᠷᠠᠯ ᠳᠤ ᠣᠷᠣᠯᠴᠠᠭᠰᠠᠨ ᠪᠠᠭᠰᠢ ᠰᠤᠷᠤᠭᠴᠢᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ᠃    ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠵᠦ ᠵᠢᠶᠣᠣ ᠵᠢᠶᠦ᠋ᠨ ᠠᠺᠠᠳᠧᠮᠢᠴᠢ ᠨᠠᠷ ᠪᠠᠰᠠ ᠡᠬᠡ ᠰᠤᠷᠭᠠᠭᠤᠯᠢ ᠶᠢᠨ ᠢᠶᠠᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠠᠮᠢᠳᠤ ᠪᠣᠳᠠᠰ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃    ᠵᠦ ᠵᠢᠶᠤᠤ ᠵᠢᠶᠦ᠋ᠨ ᠠᠺᠠᠳᠧᠮᠢᠴᠢ ᠰᠦᠩᠱᠠᠨ ᠲᠣᠭᠤᠷᠢᠭ ᠲᠤ ᠲᠦᠷᠦᠵᠦ᠂ ᠤᠷᠳᠤ ᠬᠤᠭᠤᠴᠠᠭ᠎ᠠ ᠶᠢᠨ ᠲᠤᠷᠰᠢ ᠬᠠᠯᠬᠠᠪᠴᠢ ᠤᠢ ᠶᠢᠨ ᠠᠮᠢ ᠠᠬᠤᠢ᠂ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠵᠡᠷᠭᠡ ᠲᠠᠯ᠎ᠠ ᠪᠠᠷ ᠰᠤᠳᠤᠯᠤᠨ ᠴᠢᠷᠮᠠᠶᠢᠵᠤ᠂ 2018 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠦᠭᠳᠡᠨ ᠤ ᠬᠡᠷᠡᠭᠯᠡᠭᠡᠨ ᠤ ᠠᠮᠢ ᠠᠬᠤᠢ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ 2023 ᠣᠨ ᠤ 11 ᠰᠠᠷ᠎ᠠ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠪᠠᠷ ᠰᠣᠩᠭᠤᠭᠳᠠᠵᠤ᠂ ᠮᠠᠨ ᠤ ᠤᠯᠤᠰ ᠤᠨ ᠬᠡᠷᠡᠭᠯᠡᠭᠡᠨ ᠤ ᠠᠮᠢ ᠠᠬᠤᠢ ᠶᠢᠨ ᠤᠬᠠᠭᠠᠨ ᠤ ᠬᠦᠷᠢᠶᠡᠨ ᠤ ᠠᠯᠳᠠᠷᠲᠤ ᠲᠤᠰᠬᠠᠢ ᠮᠡᠷᠭᠡᠵᠢᠯᠲᠡᠨ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号