ᠰᠦᠩᠱᠠᠨ ᠲᠣᠭᠤᠷᠢᠭ ᠤᠨ ᠡᠨᠡ ᠬᠦ ᠤᠯᠤᠰ ᠤᠨ 3A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠡᠭᠦᠳᠡ ᠪᠠᠨ ᠨᠡᠭᠡᠭᠡᠵᠦ ᠵᠣᠴᠢᠨ ᠤᠭᠲᠤᠪᠠ
ᠨᠡᠶᠢᠲᠡᠯᠡᠭᠰᠡᠨ ᠴᠠᠭ᠄
2024/6/21
   6 ᠰᠠᠷ᠎ᠠ ᠶᠢᠨ 15 ᠤ ᠡᠳᠦᠷ ᠠᠴᠠ ᠡᠬᠢᠯᠡᠨ᠂ ᠳ᠋ᠠᠢ ᠹᠦ᠋ ᠶᠢᠩᠽᠢ ᠰᠢᠶᠠᠩ ᠤᠨ ᠬᠤᠸᠠᠩ ᠵᠢᠶᠠ ᠮᠠᠨ ᠳ᠋ᠢᠶᠠᠨ ᠦᠵᠡᠮᠵᠢ ᠶᠢᠨ ᠣᠷᠣᠨ ᠡᠭᠦᠳᠡ ᠪᠠᠨ ᠨᠡᠭᠡᠭᠡᠵᠦ ᠵᠣᠴᠢᠨ ᠤᠭᠲᠤᠪᠠ᠃    ᠬᠤᠸᠠᠩ ᠵᠢᠶᠠ ᠮᠠᠨ ᠳ᠋ᠢᠶᠠᠨ ᠦᠵᠡᠮᠵᠢ ᠶᠢᠨ ᠣᠷᠣᠨ ᠪᠣᠯ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠᠶᠢᠵᠤ᠂ ᠤᠯᠠᠭᠠᠨᠬᠠᠳᠠ ᠬᠤᠲᠠ ᠶᠢᠨ ᠲᠣᠭᠤᠷᠢᠭ ᠠᠴᠠ 120 ᠺᠢᠯᠤᠮᠧᠲᠷ ᠵᠠᠶᠢᠲᠠᠶ ᠪᠠᠶᠢᠵᠤ ᠂ ᠳᠤᠮᠳᠠᠴᠢ ᠪᠠᠷ ᠳᠠᠯᠠᠢ ᠶᠢᠨ ᠲᠦᠪᠰᠢᠨ ᠠᠴᠠ 2000 ᠭᠠᠷᠤᠶ ᠮᠧᠲᠷ ᠡᠷᠭᠦᠭᠳᠡᠵᠦ᠂ ᠨᠡᠶᠢᠲᠡᠯᠢᠭ ᠥᠨᠳᠥᠷ ᠠᠭᠤᠯᠠ ᠶᠢᠨ ᠨᠤᠭᠤ ᠭᠠᠵᠠᠷ ᠪᠣᠯᠤᠨ᠎ᠠ᠃ ᠲᠦᠮᠡᠨ ᠮᠦ ᠶᠢᠨ ᠲᠠᠷᠢᠮᠠᠯ ᠣᠢ ᠶᠢᠨ ᠲᠣᠣᠷ ᠵᠡᠷᠭᠡᠯᠳᠦᠵᠦ᠂ ᠬᠤᠪᠣᠷ ᠲᠣᠬᠢᠶᠠᠯᠳᠤᠬᠤ ᠲᠠᠯ᠎ᠠ ᠨᠤᠲᠤᠭ ᠤᠨ ᠭᠠᠶᠢᠬᠠᠮᠰᠢᠭᠲᠤ ᠦᠵᠡᠮᠵᠢ ᠶᠢ ᠪᠦᠷᠢᠯᠳᠦᠭᠦᠯᠪᠡ᠃    ᠦᠵᠡᠮᠵᠢ ᠶᠢᠨ ᠣᠷᠣᠨ ᠨᠢ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠢᠶᠠᠷ ᠭᠤᠤᠯ ᠰᠢᠵᠢᠮ ᠪᠣᠯᠭᠠᠵᠤ ᠂ ᠠᠪᠠ ᠠᠩ ᠤᠨ ᠰᠣᠶᠣᠯ ᠢᠶᠠᠷ ᠭᠤᠤᠯ ᠪᠣᠯᠭᠠᠨ᠂ ᠲᠠᠯ᠎ᠠ ᠨᠤᠲᠤᠭ ᠤᠨ ᠵᠢᠭᠤᠯᠴᠢᠯᠠᠯ᠂ ᠰᠡᠯᠡᠭᠦᠴᠡᠨ ᠠᠮᠠᠷᠠᠬᠤ᠂ ᠮᠣᠷᠢᠨ ᠤᠷᠤᠯᠳᠤᠭᠠᠨ ᠤᠷᠤᠯᠳᠤᠬᠤ ᠮᠡᠷᠭᠡᠵᠢᠯ ᠵᠡᠷᠭᠡ ᠵᠢᠭᠤᠯᠴᠢᠯᠠᠯ ᠤᠨ ᠲᠥᠷᠥᠯ ᠵᠦᠢᠯ ᠢ ᠲᠥᠯᠥᠪᠵᠢᠭᠦᠯᠦᠨ ᠪᠠᠶᠢᠭᠤᠯᠵᠤ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠨ᠂ ᠵᠤᠭᠠᠴᠠᠭᠰᠠᠳ ᠢ ᠭᠥᠯᠢᠶᠡᠨ ᠠᠪᠬᠤ ᠲᠥᠪ᠂ ᠮᠣᠩᠭᠤᠯ ᠭᠡᠷ᠂ ᠮᠣᠳᠣᠨ ᠬᠥᠭᠦᠷᠭᠡ᠂ ᠶᠡᠷᠦᠩᠬᠡᠶᠢᠯᠡᠭᠰᠡᠨ ᠰᠡᠯᠡᠭᠦᠴᠡᠯ ᠤᠨ ᠲᠠᠯᠠᠪᠠᠶ ᠨᠢᠭᠡᠨᠲᠡ ᠠᠰᠢᠭᠯᠠᠯᠲᠠ ᠳᠤ ᠣᠷᠣᠵᠤ᠂ ᠷᠣᠮᠠᠨᠲ᠋ᠢᠭ ᠪᠥᠭᠡᠳ ᠬᠡᠭᠡᠨᠴᠢᠷ ᠰᠠᠶᠢᠬᠠᠨ ᠰᠡᠯᠡᠭᠦᠴᠡᠯ ᠤᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号