ᠣᠶᠢᠷ᠎ᠠ ᠳᠤ᠂ ᠤᠯᠠᠭᠠᠨᠬᠠᠳᠠ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠰᠦᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠨᠢ | ᠰᠦᠩᠱᠠᠨ ᠲᠣᠭᠤᠷᠢᠭ ᠤᠨ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠠᠢ ᠬᠠᠮᠲᠤᠷᠠᠨ ᠬᠠᠤᠯᠢ ᠪᠤᠰᠤ ᠬᠡᠪᠯᠡᠭᠳᠡᠬᠦᠨ ᠢ | ᠲᠥᠪᠯᠡᠷᠡᠭᠦᠯᠦᠨ ᠤᠰᠠᠳᠬᠠᠬᠤ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ | ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠢ ᠨᠡᠶᠢᠲᠡ 500 ᠭᠠᠷᠤᠶ | ᠳᠡᠪᠲᠡᠷ᠂ ᠬᠠᠤᠯᠢ ᠪᠤᠰᠤ ᠭᠡᠷᠡᠯᠯᠢᠭ ᠳ᠋ᠢᠰᠺ ᠢ 200 ᠭᠠᠷᠤᠶ ᠠᠷᠢᠯᠭᠠᠪᠠ᠃ ᠬᠠᠤᠯᠢ ᠬᠡᠷᠡᠭᠵᠢᠭᠦᠯᠬᠦ ᠠᠵᠢᠯᠲᠠᠨ ᠲᠠᠰ | ᠳᠠᠷᠠᠭᠠᠯᠠᠯ ᠢ ᠴᠢᠩᠭ᠎ᠠ ᠵᠢᠷᠤᠮᠯᠠᠨ᠂ ᠬᠤᠷᠢᠶᠠᠨ ᠠᠪᠤᠭᠰᠠᠨ ᠬᠠᠤᠯᠢ ᠪᠤᠰᠤ ᠬᠡᠪᠯᠡᠭᠳᠡᠬᠦᠨ ᠢ ᠬᠤᠤᠷ ᠥᠬᠡᠶᠢᠳᠡᠭᠦᠯᠦᠨ | ᠰᠢᠢᠳᠪᠦᠷᠢᠯᠡᠪᠡ᠃ | ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠰᠣᠶᠣᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠰᠦᠯᠵᠢᠶᠡᠨ ᠤ ᠪᠠᠭᠠᠷ᠂ ᠬᠡᠪᠯᠡᠬᠦ ᠦᠢᠯᠡᠳᠪᠦᠷᠢ ᠵᠡᠷᠭᠡ ᠶᠢ | ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠱᠠᠯᠢᠭ ᠵᠠᠪᠬᠠᠶ᠂ ᠬᠦᠴᠦᠷᠬᠡᠭᠯᠡᠯ ᠰᠦᠷᠳᠡᠭᠦᠯᠦᠯ ᠵᠡᠷᠭᠡ | ᠠᠭᠤᠯᠭ᠎ᠠ ᠶᠢᠨ ᠬᠠᠤᠯᠢ ᠪᠤᠰᠤ ᠬᠡᠪᠯᠡᠭᠳᠡᠬᠦᠨ ᠪᠠ ᠡᠵᠡᠩᠨᠡᠯᠲᠡ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠵᠢᠭᠰᠠᠭᠠᠨ | ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠥᠮᠴᠢᠲᠡᠨ ᠳᠤ ᠤᠬᠠᠭᠤᠯᠭ᠎ᠠ ᠶᠢᠨ ᠳᠡᠪᠲᠡᠷ ᠪᠠ | ᠤᠬᠠᠭᠤᠯᠭ᠎ᠠ ᠶᠢᠨ ᠮᠠᠲ᠋ᠧᠷᠢᠶᠠᠯ ᠢ ᠬᠤᠪᠢᠶᠠᠨ ᠲᠠᠷᠬᠠᠭᠠᠵᠤ᠂ ᠬᠠᠤᠯᠢ ᠪᠤᠰᠤ ᠬᠡᠪᠯᠡᠭᠳᠡᠬᠦᠨ ᠤ ᠬᠤᠤᠷ ᠬᠥᠨᠥᠭᠡᠯ ᠢ | ᠬᠦᠯᠢᠴᠡᠩᠭᠦᠶ ᠪᠠᠷ ᠲᠠᠶᠢᠯᠪᠤᠷᠢᠯᠠᠵᠤ᠂ ᠡᠵᠡᠩᠨᠡᠭᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠪᠠ᠃ |