ᠵᠦᠩ ᠴᠢᠩ ᠰᠦᠩ ᠪᠦᠯᠬᠦᠮ ᠳᠠᠭᠠᠭᠤᠯᠤᠨ ᠬᠤᠩᠱᠠᠨ ᠲᠣᠭᠤᠷᠢᠭ ᠲᠤ ᠬᠦᠷᠴᠦ ᠠᠵᠤ ᠠᠬᠤᠢ ᠶᠢᠨ ᠬᠥᠭᠵᠢᠯᠲᠡ᠂ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/6/28
   6 ᠰᠠᠷ᠎ᠠ ᠶᠢᠨ 23 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠪᠦᠯᠬᠦᠮ ᠳᠠᠭᠠᠭᠤᠯᠤᠨ ᠬᠤᠩᠱᠠᠨ ᠲᠣᠭᠤᠷᠢᠭ ᠲᠤ ᠬᠦᠷᠴᠦ᠂ ᠰᠥᠨᠢ ᠶᠢᠨ ᠠᠵᠤ ᠠᠬᠤᠢ ᠶᠢᠨ ᠬᠥᠭᠵᠢᠯᠲᠡ᠂ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠰᠢᠨᠵᠢᠯᠡᠨ ᠪᠠᠶᠢᠴᠠᠭᠠᠵᠤ ᠰᠤᠷᠤᠯᠴᠠᠪᠠ᠃ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠤᠤ ᠯᠠᠨ ᠭᠤᠸᠠᠩ᠂ ᠲᠣᠭᠤᠷᠢᠭ ᠤᠨ ᠳᠡᠳ᠋ ᠳᠠᠷᠤᠭ᠎ᠠ ᠵᠤᠤ ᠲᠦᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ︔ ᠰᠦᠩᠱᠠᠨ ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠬᠤᠢ᠂ ᠵᠤᠤ ᠱᠢ ᠴᠤᠤ᠂ ᠯᠢ ᡁᠢ ᠭᠦᠸᠧ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃    ᠵᠦᠩ ᠴᠢᠩ ᠰᠦᠩ ᠨᠠᠷ ᠤᠷᠢᠳ ᠬᠤᠵᠢᠳ ᠬᠤᠩᠱᠠᠨ ᠲᠣᠭᠤᠷᠢᠭ ᠤᠨ ᠮᠦ ᠡᠯ ᠠᠯᠲᠠᠨ ᠵᠡᠭᠡᠯᠢ᠂ ᠰᠢᠨ ᠹᠧᠩ ᠰᠥᠨᠢ ᠶᠢᠨ ᠭᠤᠳᠤᠮᠵᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠬᠤᠩᠱᠠᠨ ᠲᠣᠭᠤᠷᠢᠭ ᠤᠨ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ᠰᠥᠨᠢ ᠶᠢᠨ ᠠᠵᠤ ᠠᠬᠤᠢ ᠶᠢᠨ ᠬᠥᠭᠵᠢᠯᠲᠡ ᠵᠡᠷᠭᠡ ᠪᠠᠶᠢᠳᠠᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠣᠶᠢᠯᠠᠭᠠᠪᠠ᠃    ᠵᠦᠩ ᠴᠢᠩ ᠰᠦᠩ ᠱᠠᠭᠠᠷᠳᠠᠭᠰᠠᠨ ᠨᠢ᠂ ᠬᠤᠩᠱᠠᠨ ᠲᠣᠭᠤᠷᠢᠭ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠬᠤ ᠶᠢᠨ ᠬᠠᠮᠲᠤ ᠰᠦᠩᠱᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠥᠨᠢ ᠶᠢᠨ ᠠᠵᠤ ᠠᠬᠤᠢ ᠶᠢ ᠰᠠᠶᠢᠲᠤᠷ ᠲᠥᠯᠥᠪᠵᠢᠭᠦᠯᠵᠦ᠂ ᠰᠠᠶᠢᠲᠤᠷ ᠬᠥᠭᠵᠢᠭᠦᠯᠵᠦ᠂ ᠤᠯᠠᠨ ᠲᠦᠮᠡᠨ ᠤ ᠤᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠬᠤᠳᠠ ᠶᠢᠨ ︽ᠤᠲᠤᠭᠠᠨ ᠤ ᠭᠠᠯ︾ ᠢᠶᠠᠷ ᠬᠡᠷᠡᠭᠯᠡᠭᠡᠨ ᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠥᠨᠢ ᠶᠢᠨ ᠠᠵᠤ ᠠᠬᠤᠶ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠣᠲᠣ ᠶᠢᠨ ᠪᠠᠶᠢᠭ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠲᠤ ᠲᠦᠰᠢᠭᠯᠡᠨ᠂ ᠰᠥᠨᠢ ᠶᠢᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠬᠤ ᠬᠡᠷᠡᠭᠲᠡᠶ᠃ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠰᠥᠨᠢ ᠶᠢᠨ ᠵᠠᠬ᠎ᠠ ᠳᠡᠯᠭᠡᠭᠦᠷ᠂ ᠰᠥᠨᠢ ᠶᠢᠨ ᠵᠢᠭᠤᠯᠴᠢᠯᠠᠯ ᠂ ᠰᠥᠨᠢ ᠶᠢᠨ ᠵᠤᠭ᠎ᠠ ᠴᠡᠩᠭᠡᠯ᠂ ᠰᠥᠨᠢ ᠶᠢᠨ ᠬᠤᠳᠠᠯᠳᠤᠨ ᠠᠪᠬᠤ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠨᠢᠭᠡ ᠪᠦᠯᠦᠭ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠪᠠᠶᠠᠯᠢᠭ᠂ ᠠᠬᠤᠢ ᠪᠠᠶᠢᠳᠠᠯ ᠢᠶᠠᠷ ᠤᠯᠠᠨ ᠡᠰᠢᠵᠢᠭᠦᠯᠦᠭᠰᠡᠨ ᠠᠵᠤ ᠦᠢᠯᠡᠰ ᠤᠨ ᠲᠦᠷᠦᠯ ᠵᠦᠢᠯ ᠢ ᠢᠳᠡᠪᠬᠢᠲᠡᠢ ᠰᠦᠪᠡᠭᠴᠢᠯᠡᠵᠦ᠂ ᠨᠡᠩ ᠤᠯᠠᠨ ᠰᠥᠨᠢ ᠶᠢᠨ ᠰᠢᠨ᠎ᠡ ᠭᠠᠵᠠᠷ ᠤᠨ ᠲᠡᠮᠳᠡᠭ᠂ ᠰᠦᠯᠵᠢᠶᠡᠨ ᠤ ᠨᠡᠷᠡᠳᠦ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠵᠢᠯ ᠢ ᠰᠠᠶᠢᠲᠤᠷ ᠠᠳᠬᠤᠵᠤ᠂ ᠬᠤᠳᠠ ᠶᠢᠨ ᠠᠷᠠᠳ᠂ ᠵᠤᠭᠠᠴᠠᠭᠰᠠᠳ ᠲᠤ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠬᠦ ᠬᠡᠷᠡᠭᠲᠡᠢ᠃    ᠰᠢᠨᠵᠢᠯᠡᠨ ᠪᠠᠶᠢᠴᠠᠭᠠᠵᠤ ᠰᠤᠷᠤᠯᠴᠠᠬᠤ ᠬᠤᠭᠤᠴᠠᠭᠠᠨ ᠳᠤ᠂ ᠵᠦᠩ ᠴᠢᠩ ᠰᠦᠩ ᠨᠠᠷ ᠪᠠᠰᠠ ᠮᠠᠨ ᠤ ᠲᠤᠭᠤᠷᠢᠭ ᠤᠨ ᠶᠦᠩ ᠶᠧ ᠠᠭᠤᠳᠠᠮ ᠲᠠᠯᠠᠪᠠᠢ ᠶᠢᠨ ᠰᠥᠨᠢ ᠶᠢᠨ ᠵᠠᠬ᠎ᠠ᠂ ᠳ᠋ᠢ ᠬᠤᠤ ᠰᠥᠨᠢ ᠶᠢᠨ ᠵᠠᠬ᠎ᠠ ᠵᠢᠴᠢ ᠪᠦᠳᠦᠭᠡᠨ ᠪᠠᠶᠢᠭᠤᠯᠵᠤ ᠪᠠᠶᠢᠭ᠎ᠠ ᠬᠠᠢ ᠪᠸᠢ ᠡᠯ ︽ᠬᠠᠰ ᠯᠤᠤ ᠶᠢᠨ ᠰᠥᠨᠢ︾ ᠭᠡᠷᠡᠯ ᠵᠢᠷᠤᠭ ᠤᠨ ᠲᠤᠮᠤ ᠳᠡᠯᠡᠬᠡᠢ ᠵᠡᠷᠭᠡ ᠭᠠᠵᠠᠷ ᠲᠤ ᠬᠦᠷᠴᠦ᠂ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠳᠠᠯᠳᠤᠭᠠᠨ ᠤ ᠡᠷᠦᠬᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠢᠷᠤᠮᠵᠢᠯ ᠲᠠᠢ ᠡᠵᠡᠩᠨᠡᠵᠦ᠂ ᠶᠠᠰᠤ ᠴᠢᠨᠠᠷ ᠢᠶᠠᠷ ᠬᠥᠮᠦᠰ ᠤᠨ ᠬᠦᠷᠢᠶᠡᠯᠡᠯ ᠢ ᠣᠯᠵᠤ᠂ ᠦᠢᠯᠡᠴᠢᠯᠡᠭᠡ ᠪᠠᠷ ᠢᠶᠠᠨ ᠮᠠᠭᠲᠠᠭᠠᠯ ᠰᠠᠶᠢᠰᠢᠶᠠᠯ ᠢ ᠤᠯᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠤᠨ ᠬᠢᠨ ᠪᠠᠷᠢᠯᠭ᠎ᠠ ᠶᠢᠨ ᠠᠮᠤᠷ ᠲᠦᠪᠰᠢᠨ ᠢ ᠴᠢᠬᠤᠯᠠᠴᠢᠯᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠬᠤᠲᠠ ᠶᠢᠨ ᠠᠷᠠᠳ ᠲᠤ ᠨᠠᠩ ᠴᠢᠨᠠᠷ ᠰᠠᠶᠢᠲᠠᠶ ᠰᠥᠨᠢ ᠶᠢᠨ ᠵᠤᠭᠠᠴᠠᠯ ᠤᠨ ᠲᠠᠯᠠᠪᠤᠷ ᠪᠠᠶᠢᠭᠤᠯᠵᠤ ᠥᠭᠬᠦ ᠬᠡᠷᠡᠭᠲᠡᠶ ᠭᠡᠵᠦ ᠵᠠᠬᠢᠪᠠ᠃    ᠣᠲᠣ ᠪᠣᠯᠲᠠᠯ᠎ᠠ᠂ ᠰᠦᠩᠱᠠᠨ ᠲᠣᠭᠤᠷᠢᠭ ᠤᠨ ᠳ᠋ᠢ ᠬᠤᠤ ᠠᠮᠲᠠᠲᠤ ᠢᠳᠡᠭᠡᠨ ᠤ ᠵᠡᠭᠡᠯᠢ᠂ ᠶᠦᠩ ᠶᠧ ᠠᠭᠤᠳᠠᠮ ᠲᠠᠯᠠᠪᠠᠶ᠂ ᠰᠢᠨ ᠲᠢᠶᠠᠨ ᠳ᠋ᠢ ᠲᠠᠯᠠᠪᠠᠶ᠂ ᠰᠦᠩᠱᠠᠨ ᠸᠠᠨ ᠳ᠋ᠠ ᠵᠡᠷᠭᠡ 8 ᠰᠥᠨᠢ ᠶᠢᠨ ᠵᠠᠬ᠎ᠠ ᠳᠡᠯᠭᠡᠭᠦᠷ ᠨᠢᠭᠡᠨᠲᠡ ᠪᠥᠬᠦ ᠲᠠᠯ᠎ᠠ ᠪᠠᠷ ᠨᠡᠭᠡᠭᠡᠯᠲᠡ ᠬᠢᠵᠦ᠂ ᠡᠲᠡᠭᠡᠷ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠨᠢ ᠬᠤᠳᠠᠯᠳᠤᠭᠠᠨ ᠤ ᠲᠣᠭᠤᠷᠢᠭ ᠤᠨ ᠬᠥᠮᠦᠰ ᠤᠨ ᠬᠦᠷᠢᠶᠡᠯᠡᠯ ᠢ ᠣᠯᠤᠭᠰᠠᠨ ᠢᠶᠠᠷ ᠪᠠᠷᠠᠬᠤ ᠥᠬᠡᠶ ᠪᠠᠰᠠ ᠰᠥᠨᠢ ᠶᠢᠨ ᠬᠡᠷᠡᠭᠯᠡᠭᠡᠨ ᠤ ᠬᠥᠭᠵᠢᠯ ᠴᠡᠴᠡᠭᠯᠡᠯ ᠢ ᠳᠠᠶᠢᠴᠢᠯᠠᠵᠤ᠂ ᠣᠯᠠᠨ ᠲᠦᠮᠡᠨ ᠤ ᠠᠮᠢᠳᠤᠷᠠᠯ ᠳᠤ ᠨᠠᠩ ᠣᠯᠠᠨ ᠪᠠᠶᠠᠷ ᠪᠠᠶᠠᠰᠤᠯ ᠨᠡᠮᠡᠷᠢᠯᠡᠭᠰᠡᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号