︽2024 ᠣᠨ ᠤ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠣᠷᠣᠯᠭ᠎ᠠ ᠪᠠᠭᠠᠲᠠᠶ ᠡᠮᠡᠭᠲᠡᠶᠢᠴᠦᠳ ᠤᠨ ︿ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ﹀ ᠢ ᠠᠪᠤᠷᠠᠨ ᠲᠤᠰᠠᠯᠠᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠳᠡᠮᠵᠢᠬᠦ ᠲᠤᠬᠠᠶ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/6/4
    ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠤᠷ᠎ᠠ᠂ 2024 ᠣᠨ ᠳᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠬᠡᠷᠡᠭᠵᠢᠭᠦᠯᠵᠦ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ︾ ᠢ ᠠᠪᠤᠷᠠᠨ ᠲᠤᠰᠠᠯᠠᠬᠤ ᠲᠥᠷᠥᠯ ᠵᠦᠢᠯ ᠢ ᠳᠡᠮᠵᠢᠵᠦ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ︽ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠲᠤ ᠬᠥᠮᠦᠨ ᠪᠦᠷᠢ ᠳᠤ ᠨᠢᠭᠡ ᠯᠡ ᠤᠳᠠᠭ᠎ᠠ ᠳᠤ ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠣᠯᠭᠤᠨ᠎ᠠ᠃    ᠨᠢᠭᠡ᠂ ᠮᠡᠳᠡᠭᠦᠯᠬᠦ ᠡᠲᠡᠭᠡᠳ    ᠭᠤᠶᠤᠴᠢᠯᠠᠨ ᠮᠡᠳᠡᠭᠦᠯᠬᠦ ᠡᠲᠡᠭᠡᠳ ᠨᠢ ᠰᠦᠩᠱᠠᠨ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ᠂ 2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠵᠡᠷᠭᠡ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠠᠷᠬᠠᠨ ᠳᠠᠬᠢᠨ ᠶᠠᠳᠠᠭᠤᠷᠠᠬᠤ ᠬᠥᠮᠦᠨ ᠠᠮᠠ᠂ ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯ ᠲᠠᠢ ᠬᠥᠮᠦᠨ ᠠᠮᠠ ︵ᠡᠪᠡᠳᠴᠢᠨ ᠪᠠ ᠭᠠᠮᠰᠢᠭ ᠠᠴᠠ ᠪᠣᠯᠵᠣ ᠰᠠᠨᠠᠭᠠᠨ ᠳᠤ ᠥᠬᠡᠶ ᠠᠳᠡᠯ ᠵᠡᠷᠭᠡ ᠵᠠᠶᠢᠯᠠᠰᠢ ᠥᠬᠡᠶ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠳᠤ ᠬᠦᠨᠳᠦ ᠨᠣᠴᠢᠲᠠᠶ ᠬᠦᠴᠢᠷᠳᠡᠯ ᠲᠠᠢ ᠬᠥᠮᠦᠨ ᠠᠮᠠ ᠶᠢ ᠵᠢᠭᠠᠵᠤ ᠪᠣᠶ︶ ᠪᠥᠭᠡᠳ ᠣᠨᠣᠰᠢᠯᠠᠬᠤ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ ᠪᠠᠷ ᠳᠡᠮᠵᠢᠨ ᠣᠨᠣᠰᠢᠯᠠᠭᠰᠠᠨ᠂ ᠰᠠᠪᠠ ᠶᠢᠨ ᠬᠦᠵᠦᠭᠦᠨ ᠤ ᠥᠮᠡᠨ Ⅱ B ᠠᠴᠠ ᠳᠡᠭᠡᠭᠰᠢ ᠪᠤᠶᠤ ᠬᠥᠬᠦᠨ ᠪᠤᠯᠴᠢᠷᠬᠠᠶ ᠶᠢᠨ ᠥᠮᠡᠨ ᠣᠯᠤᠭᠰᠠᠨ ᠣᠷᠣᠯᠭ᠎ᠠ ᠪᠠᠭᠠᠲᠠᠶ ᠡᠮᠡᠭᠲᠡᠶ ᠪᠣᠯᠤᠨ᠎ᠠ᠃    ᠬᠤᠶᠠᠷ᠂ ᠮᠡᠳᠡᠭᠦᠯᠬᠦ ᠴᠠᠭ    ᠲᠣᠰ ᠡᠳᠦᠷ ᠠᠴᠠ ᠡᠬᠢᠯᠡᠨ ᠭᠤᠶᠤᠴᠢᠯᠠᠨ ᠮᠡᠳᠡᠭᠦᠯᠵᠦ᠂ ᠳᠠᠭᠤᠰᠬᠤ ᠴᠠᠭ ᠢ ᠡᠯ᠎ᠡ ᠰᠢᠶᠠᠩ ᠪᠠᠯᠭᠠᠰᠤᠨ ᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠣᠳᠠᠲᠠᠶ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃    ᠭᠤᠷᠪᠠ᠂ ᠮᠡᠳᠡᠭᠦᠯᠬᠦ ᠴᠤᠪᠤᠷᠠᠯ    ᠰᠠᠶᠢᠨ ᠳᠤᠷ᠎ᠠ ᠠᠴᠠ ᠪᠠᠨ ᠭᠤᠶᠤᠴᠢᠯᠠᠬᠤ ᠵᠠᠷᠴᠢᠮ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ︽ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ︾ ᠡᠪᠡᠳᠴᠢᠯᠡᠭᠰᠡᠨ ᠡᠮᠡᠭᠲᠡᠶᠢᠴᠦᠳ ᠨᠢ ᠪᠠᠶᠢᠭ᠎ᠠ ᠭᠠᠵᠠᠷ ᠤᠨ ᠢᠶᠠᠨ ᠲᠣᠰᠬᠤᠨ ︵ᠨᠡᠶᠢᠭᠡᠮ ᠲᠣᠭᠤᠷᠢᠭ︶ ᠤ ᠡᠮᠡᠭᠲᠡᠶᠢᠴᠦᠳ ᠤᠨ ᠬᠤᠯᠪᠣᠭ᠎ᠠ ᠳᠤ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ︽ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ︾ ᠡᠪᠡᠳᠴᠢᠯᠡᠭᠰᠡᠨ ᠡᠮᠡᠭᠲᠡᠶᠢᠴᠦᠳ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠡᠪᠡᠳᠴᠢᠨ ᠤ ᠪᠠᠶᠢᠳᠠᠯ ᠤᠨ ᠣᠨᠣᠰᠢᠯᠠᠯᠲᠠ ᠶᠢᠨ ᠪᠢᠴᠢᠭ᠂ ᠡᠮᠨᠡᠯᠭᠡ ᠳᠤ ᠰᠠᠭᠤᠭᠰᠠᠨ ᠡᠪᠡᠳᠴᠢᠨ ᠤ ᠥᠩᠭᠡᠷᠡᠯᠲᠡ᠂ ᠡᠮᠨᠡᠯᠭᠡ ᠳᠤ ᠰᠠᠭᠤᠭᠰᠠᠨ ᠵᠠᠷᠤᠳᠠᠯ ᠢ ᠳ᠋ᠦᠩᠨᠡᠨ ᠪᠤᠳᠤᠬᠤ ᠬᠠᠭᠤᠳᠠᠰᠤ ᠪᠠᠨ ᠠᠪᠴᠤ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠪᠤᠶᠤ ᠲᠣᠰᠬᠤᠨ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠮᠡᠭᠲᠡᠶᠢᠴᠦᠳ ᠤᠨ ᠬᠤᠯᠪᠣᠭ᠎ᠠ ᠪᠠᠷ ᠳᠠᠮᠵᠢᠭᠤᠯᠤᠨ ᠭᠤᠶᠤᠴᠢᠯᠠᠯ ᠤᠨ ᠬᠦᠰᠦᠨᠦᠭᠲᠦ ᠶᠢ ᠠᠪᠬᠤ ᠶᠢᠨ ᠬᠠᠮᠲᠤ ᠱᠠᠲᠤ ᠳᠠᠷᠠᠭᠠᠯᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠳᠤ ᠮᠡᠳᠡᠭᠦᠯᠵᠦ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠱᠠᠲᠤ ᠳᠠᠷᠠᠭᠠᠯᠠᠨ ᠳᠡᠭᠡᠭᠰᠢ ᠮᠡᠳᠡᠭᠦᠯᠵᠦ᠂ ᠬᠤᠲᠠ ᠶᠢᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠠᠪᠤᠷᠠᠨ ᠲᠤᠰᠠᠯᠠᠨ᠎ᠠ᠃    ᠳᠥᠷᠪᠡ᠂ ᠮᠡᠳᠡᠭᠦᠯᠬᠦ ᠮᠠᠲ᠋ᠧᠷᠢᠶᠠᠯ    1᠂ 2024 ᠣᠨ ᠤ ᠲᠥᠪ ᠤᠨ ᠲᠤᠰᠬᠠᠶ ᠵᠦᠢᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠣᠷᠣᠯᠭ᠎ᠠ ᠪᠠᠭᠠᠲᠠᠶ ᠡᠮᠡᠭᠲᠡᠶᠢᠴᠦᠳ ᠤᠨ ︽ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ︾ ᠢ ᠠᠪᠤᠷᠠᠨ ᠲᠤᠰᠠᠯᠠᠬᠤ ᠲᠥᠷᠥᠯ ᠵᠦᠢᠯ ᠤᠨ ᠬᠤᠪᠢ ᠬᠥᠮᠦᠨ ᠤ ᠮᠡᠳᠡᠭᠦᠯᠬᠦ ᠬᠦᠰᠦᠨᠦᠭᠲᠦ︔    2. ᠡᠪᠡᠳᠴᠢᠲᠡᠨ ᠤ ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠪᠠ ᠡᠷᠦᠬᠡ ᠠᠮᠠ ᠶᠢᠨ ᠳᠡᠪᠲᠡᠷ ︵ᠲᠡᠷᠢᠭᠦᠨ ᠬᠠᠭᠤᠳᠠᠰᠤ ᠪᠠ ᠬᠤᠪᠢ ᠬᠥᠮᠥᠨ ᠤ ᠬᠠᠭᠤᠳᠠᠰᠤ︶ ᠶᠢᠨ ᠬᠠᠭᠤᠯᠪᠤᠷᠢ︔    3. ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠥᠮᠦᠰ ᠵᠡᠷᠭᠡ ᠣᠷᠣᠯᠭ᠎ᠠ ᠪᠠᠭᠠᠲᠠᠶ ᠪᠠᠶᠢᠳᠠᠯ ᠤᠨ ᠭᠡᠷᠡᠴᠢᠯᠡᠯ ᠮᠠᠲ᠋ᠧᠷᠢᠶᠠᠯ︔    4. ᠣᠨᠣᠰᠢᠯᠠᠬᠤ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠠᠨᠠᠭᠠᠬᠤ ᠤᠬᠠᠭᠠᠨ ᠤ ᠣᠨᠣᠰᠢᠯᠠᠯᠲᠠ ᠶᠢᠨ ᠭᠡᠷᠡᠴᠢ᠂ ᠡᠮᠨᠡᠯᠭᠡ ᠳᠤ ᠰᠠᠭᠤᠭᠰᠠᠨ ᠡᠪᠡᠳᠴᠢᠨ ᠤ ᠵᠢᠱᠢᠶ᠎ᠡ ᠶᠢᠨ ᠲᠦᠷᠦᠭᠦᠦ ᠨᠢᠭᠤᠷ᠂ ᠡᠪᠡᠳᠴᠢᠨ ᠤ ᠵᠦᠢ ᠶᠢᠨ ᠬᠡᠷᠴᠢᠮᠡᠯ ᠮᠡᠳᠡᠭᠦᠯᠦᠯᠲᠡ ᠵᠡᠷᠭᠡ ᠡᠪᠡᠳᠴᠢᠨ ᠤ ᠬᠡᠮᠵᠢᠶ᠎ᠡ ᠶᠢ ᠢᠯᠡᠷᠡᠭᠦᠯᠵᠦ ᠴᠢᠳᠠᠬᠤ ᠬᠠᠮᠢᠶ᠎ᠠ ᠪᠥᠬᠦᠶ ᠮᠠᠲ᠋ᠧᠷᠢᠶᠠᠯ ︵ᠡᠷᠬᠡᠪᠰᠢ ᠡᠮᠴᠢ ᠭᠠᠷ ᠤᠨ ᠥᠰᠥᠭ ᠵᠢᠷᠤᠬᠤ᠂ ᠡᠮᠨᠡᠯᠭᠡ ᠶᠢᠨ ᠬᠤᠷᠢᠶᠠᠨ ᠤ ᠲᠠᠮᠠᠭ᠎ᠠ ᠳᠠᠷᠤᠬᠤ︶᠂ ᠡᠮᠨᠡᠯᠭᠡ ᠳᠤ ᠰᠠᠭᠤᠭᠰᠠᠨ ᠵᠠᠷᠤᠳᠠᠯ ᠢ ᠳ᠋ᠦᠩᠨᠡᠨ ᠪᠤᠳᠤᠬᠤ ᠬᠠᠭᠤᠳᠠᠰᠤ᠂ ᠡᠮᠴᠢᠯᠡᠭᠡᠨ ᠤ ᠲᠠᠩᠰᠠ ᠲᠠᠶᠢᠯᠬᠤ ᠲᠣᠳᠣᠷᠬᠠᠶ ᠬᠠᠭᠤᠳᠠᠰᠤ᠃    ᠲᠠᠪᠤ᠂ ᠠᠩᠬᠠᠷᠬᠤ ᠵᠦᠢᠯ    1. ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ︽ᠰᠠᠪᠠᠨ ᠬᠦᠵᠦᠭᠦᠨ ᠤ ᠦᠮᠡᠨ ᠬᠥᠬᠦᠨ ᠪᠣᠯᠴᠢᠷᠬᠠᠢ ᠶᠢᠨ ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠵᠥᠪᠬᠡᠨ ᠨᠢᠭᠡ ᠯᠡ ᠤᠳᠠᠭ᠎ᠠ ᠠᠪᠤᠷᠠᠨ ᠲᠤᠰᠠᠯᠠᠯᠲᠠ ᠭᠥᠷᠳᠡᠨ᠎ᠡ᠃    2. ᠣᠷᠣᠯᠭ᠎ᠠ ᠪᠠᠭᠠᠲᠠᠶ ᠪᠠᠷᠢᠮᠵᠢᠶ᠎ᠠ ᠪᠠ ᠮᠠᠭᠠᠳᠯᠠᠨ ᠲᠤᠭᠲᠠᠭᠠᠯᠲᠠ ᠶᠢ ᠲᠤᠬᠠᠶ ᠶᠢᠨ ᠭᠠᠵᠠᠷ ᠤᠨ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠶᠢᠨ ᠰᠠᠯᠠᠭ᠎ᠠ ᠮᠥᠴᠢᠷ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠢᠶᠠᠷ ᠪᠠᠷᠢᠮᠵᠢᠶ᠎ᠠ ᠪᠣᠯᠭᠠᠨ᠎ᠠ︔ ᠡᠪᠡᠳᠴᠢᠨ ᠤ ᠲᠥᠷᠥᠯ ᠡᠪᠡᠳᠴᠢᠨ ᠤ ᠪᠠᠶᠢᠳᠠᠯ ᠪᠠ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠪᠠᠶᠢᠳᠠᠯ ᠢ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠰᠢᠰᠲ᠋ᠧᠮ ᠢᠶᠠᠷ ᠪᠠᠷᠢᠮᠵᠢᠶ᠎ᠠ ᠪᠣᠯᠭᠠᠨ᠎ᠠ᠃    3. ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠨᠢ ᠡᠪᠡᠳᠴᠢᠯᠡᠭᠰᠡᠨ ᠡᠮᠡᠭᠲᠡᠶᠢᠴᠦᠳ ᠤᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号