5 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ 2024 ᠣᠨ ᠤ ᠰᠦᠩᠱᠠᠨ ᠲᠣᠭᠤᠷᠢᠭ ᠤᠨ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠵᠢᠯ ᠤᠨ ᠬᠤᠷᠠᠯ ᠵᠢᠴᠢ ᠢᠳᠡᠭᠡᠨ ᠤ ᠠᠮᠤᠷ | ᠲᠦᠪᠰᠢᠨ ᠤ ᠬᠠᠮᠠᠭᠠᠯᠠᠯᠲᠠ ᠶᠢᠨ ᠺᠠᠳ᠋ᠷ ᠤᠨ ᠪᠣᠯᠪᠠᠰᠤᠷᠠᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠳᠡᠳ᠋ ᠡᠷᠬᠢᠯᠡᠭᠴᠢ ᠯᠢ | ᡁᠢ ᠭᠦᠸᠧ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠢᠳᠡᠭᠡᠨ ᠤ ᠠᠮᠤᠷ | ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ | ᠬᠤᠯᠪᠣᠭᠳᠠᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠶᠢᠭᠡᠮ ᠤᠨ ᠠᠩᠬᠠᠷᠤᠯ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠩᠭ᠎ᠠ ᠪᠠᠶᠢᠬᠤ ᠬᠥᠭ ᠠᠶᠠᠰ ᠢ ᠳᠣᠪᠤᠶᠢᠯᠭᠠᠨ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ | ᠬᠦᠷᠲᠡᠯᠡᠬᠢ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠢ ᠨᠥᠯᠥᠭᠡᠯᠡᠵᠦ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ | ᠬᠥᠭᠵᠢᠯᠲᠡ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠣᠯᠪᠠᠰᠤᠷᠠᠯ ᠤᠨ ᠡᠷᠴᠢᠮ ᠢᠶᠠᠨ | ᠴᠢᠩᠭᠠᠷᠠᠭᠤᠯᠵᠤ᠂ ᠪᠦᠬᠦ ᠠᠵᠢᠯᠲᠠᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠵᠤ᠂ ᠪᠦᠬᠦ ᠲᠤᠭᠤᠷᠢᠭ ᠤᠨ ᠢᠳᠡᠭᠡᠨ ᠤ ᠠᠮᠤᠷ | ᠲᠦᠪᠰᠢᠨ ᠤ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ 2024 ᠣᠨ ᠤ ᠢᠳᠡᠭᠡᠨ ᠤ ᠠᠮᠤᠷ ᠲᠦᠪᠰᠢᠨ ᠤ | ᠭᠤᠣᠯᠳᠠᠯᠭ᠎ᠠ ᠲᠠᠢ ᠠᠵᠢᠯ ᠪᠠ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ | ᠪᠣᠯᠪᠠᠰᠤᠷᠠᠯ ᠤᠨ ᠠᠵᠢᠯ ᠢ ᠪᠠᠶᠢᠷᠢᠯᠠᠭᠤᠯᠵᠤ᠂ ︽ᠢᠳᠡᠭᠡᠨ ᠤ ᠠᠮᠤᠷ ᠲᠦᠪᠰᠢᠨ ᠤ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠠᠪᠴᠠᠩ︾ ᠢ ᠠᠵᠢᠯᠯᠠᠭᠤᠯᠤᠨ ᠬᠡᠷᠡᠭᠯᠡᠬᠦ᠂ ᠢᠳᠡᠭᠡᠨ ᠤ ᠠᠮᠤᠷ | ᠲᠦᠪᠰᠢᠨ ᠢ ᠬᠢᠨᠠᠨ ᠵᠢᠯᠣᠭᠤᠳᠬᠤ ᠶᠠᠪᠤᠴᠠ ᠳᠠᠬᠢ ᠭᠤᠣᠯᠳᠠᠯᠭ᠎ᠠ ᠲᠠᠢ ᠪᠠᠶᠢᠴᠠᠭᠠᠬᠤ ᠭᠤᠭᠴᠤᠭ᠎ᠠ ᠪᠠ ᠠᠩᠬᠠᠷᠬᠤ | ᠵᠦᠢᠯᠡᠰ ᠢ ᠲᠠᠶᠢᠯᠪᠤᠷᠢᠯᠠᠪᠠ᠃ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠣᠰ ᠲᠣᠰ ᠥᠪᠡᠷ | ᠥᠪᠡᠷ ᠤᠨ ᠬᠦᠷᠢᠶᠡᠨ ᠳᠠᠬᠢ ᠢᠳᠡᠭᠡᠨ ᠤ ᠠᠮᠤᠷ ᠲᠦᠪᠰᠢᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠪᠠ᠃ |