ᠯᠢᠩ ᡁᠢ ᠮᠥᠭᠦ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠰᠦᠩᠱᠠᠨ ᠳᠤ ᠰᠠᠭᠤᠷᠢᠰᠢᠪᠠ
ᠨᠡᠶᠢᠲᠡᠯᠡᠭᠰᠡᠨ ᠴᠠᠭ᠄
2024/6/4
    6 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠡᠭᠡᠵᠢᠩ ᠤᠨ ᠰᠢᠨ ᠹᠠ ᠲᠠᠷᠢᠶᠠᠯᠠᠩ ᠤᠢ ᠰᠢᠭᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠯᠢᠩ ᡁᠢ ᠮᠥᠭᠦ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠤ ᠲᠦᠷᠦᠯ ᠵᠦᠢᠯ ᠤᠨ ᠲᠤᠬᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠶᠣᠰᠣᠯᠠᠯ ᠳᠡᠭᠡᠷ᠎ᠡ᠂ ᠪᠡᠭᠡᠵᠢᠩ ᠤᠨ ᠰᠢᠨ ᠹᠠ ᠲᠠᠷᠢᠶᠠᠯᠠᠩ ᠤᠢ ᠰᠢᠭᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠴᠧᠨ ᠼᠥᠩ ᠪᠢᠩ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠱᠢ ᠴᠤᠤ ᠬᠤᠶᠠᠷ ᠲᠠᠯ᠎ᠠ ᠶᠢ ᠲᠥᠯᠥᠭᠡᠯᠡᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃    ᠵᠤᠤ ᠱᠢ ᠴᠤᠤ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠭᠤᠷᠪᠠᠨ ᠰᠠᠷ᠎ᠠ ᠭᠠᠷᠤᠶ ᠶᠢᠨ ᠬᠠᠮᠲᠤ ᠶᠢᠨ ᠴᠢᠷᠮᠠᠶᠢᠯᠭ᠎ᠠ ᠪᠣᠯᠤᠨ ᠭᠦᠨᠵᠡᠭᠡᠶ ᠵᠥᠪᠳᠡᠯᠴᠡᠭᠡ ᠬᠢᠵᠦ᠂ ᠥᠨᠥᠳᠦᠷ ᠤᠨ ᠭᠡᠷ᠎ᠡ ᠲᠣᠭᠲᠠᠬᠤ ᠳᠤ ᠰᠠᠭᠤᠷᠢ ᠲᠠᠯᠪᠢᠵᠤ ᠥᠭᠴᠡᠶ᠃ ᠰᠦᠩᠱᠠᠨ ᠲᠣᠭᠤᠷᠢᠭ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠬᠠᠮᠲᠤᠷᠠᠯᠴᠠᠭᠠᠨ ᠤ ᠵᠦᠢᠯᠡᠰ ᠢ ᠭᠤᠤᠯᠳᠠᠯᠭ᠎ᠠ ᠲᠠᠢ ᠠᠵᠢᠯ ᠪᠣᠯᠭᠠᠨ ᠪᠣᠳᠠᠲᠠᠶ ᠶᠢ ᠡᠷᠬᠢᠮᠯᠡᠬᠦ᠂ ᠥᠨᠳᠥᠷ ᠪᠦᠲᠦᠮᠵᠢᠲᠡᠶ ᠪᠠᠷ ᠠᠬᠢᠭᠤᠯᠬᠤ ᠶᠢᠨ ᠬᠠᠮᠲᠤ ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠷ ᠠᠵᠤ ᠠᠬᠤᠶᠢᠯᠠᠯ ᠤᠨ ᠰᠦᠩᠱᠠᠨ ᠲᠣᠭᠤᠷᠢᠭ ᠲᠤ ᠬᠥᠭᠵᠢᠬᠦ ᠳᠤ ᠪᠥᠬᠦ ᠶᠠᠪᠤᠴᠠ᠂ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ ᠰᠢᠨ ᠹᠠ ᠲᠠᠷᠢᠶᠠᠯᠠᠩ ᠤᠢ ᠰᠢᠭᠤᠢ ᠶᠢᠨ ᠺᠣᠮᠫᠠᠨᠢ ᠪᠣᠯᠤᠨ ᠰᠦᠩᠱᠠᠨ ᠲᠣᠭᠤᠷᠢᠭ ᠤᠨ ᠤᠯᠠᠨ ᠢᠶᠠᠷ ᠢᠶᠠᠨ ᠠᠷᠭ᠎ᠠ ᠤᠬᠠᠭᠠᠨ ᠭᠠᠷᠭᠠᠵᠤ᠂ ᠪᠣᠳᠠᠲᠠᠢ ᠠᠵᠢᠯᠯᠠᠨ᠂ ᠬᠠᠮᠲᠤᠷᠠᠯᠴᠠᠭ᠎ᠠ ᠶᠢᠨ ᠡᠷᠲᠡ ᠦᠷ᠎ᠡ ᠪᠦᠲᠦᠭᠡᠯ ᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ  ᠭᠡᠪᠡ᠃    ᠪᠡᠭᠡᠵᠢᠩ ᠤᠨ ᠰᠢᠨ ᠹᠠ ᠲᠠᠷᠢᠶᠠᠯᠠᠩ ᠣᠢ ᠰᠢᠭᠤᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨ᠋ᠢ ᠪᠤᠯ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠪᠦᠬᠦ ᠪᠡᠯᠡᠲᠦ ᠺᠤᠮᠫᠠᠨ᠋ᠢ ᠪᠤᠯᠤᠨ᠎ᠠ᠃ ᠯᠢᠩ ᡁᠢ ᠮᠥᠭᠦ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠳᠤ ᠨᠡᠶᠢᠲᠡ 100 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠪᠥᠲᠥᠭᠡᠨ ᠪᠠᠶᠢᠭᠤᠯᠬᠤ ᠠᠭᠤᠯᠭ᠎ᠠ ᠳᠤ ᠠᠮᠢ ᠠᠬᠤᠶ ᠶᠢᠨ ᠲᠡᠵᠢᠭᠡᠨ ᠦᠷᠡᠵᠢᠭᠦᠯᠬᠦ ᠲᠠᠷᠢᠮᠠᠯ ᠤᠨ ᠰᠠᠭᠤᠷᠢᠨ ᠭᠠᠵᠠᠷ᠂ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ᠂ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠵᠡᠷᠭᠡ ᠶᠢ ᠪᠠᠭᠲᠠᠭᠠᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号