ᠰᠦᠩᠱᠠᠨ ᠲᠣᠭᠤᠷᠢᠭ ᠤᠨ ᠠᠷᠪᠠᠨ ᠨᠠᠢᠮᠠᠳᠤᠭᠠᠷ ᠪᠠᠭ᠎ᠠ ᠰᠤᠷᠭᠠᠭᠤᠯᠢ ︽ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/6/4
    5 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠪᠠᠨ ᠨᠠᠢᠮᠠᠳᠤᠭᠠᠷ ᠪᠠᠭ᠎ᠠ ᠰᠤᠷᠭᠠᠭᠤᠯᠢ ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠫᠠᠶᠢᠰᠠ ᠣᠯᠭᠤᠬᠤ ᠶᠣᠰᠣᠯᠠᠯ ᠵᠢᠴᠢ 2024 ᠣᠨ ᠤ ︽6 · 1︾ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠱᠤᠤ ᠭᠤᠸᠠᠩ ᠰᠦᠩᠱᠠᠨ ᠲᠣᠭᠤᠷᠢᠭ ᠤᠨ ᠠᠷᠪᠠᠨ ᠨᠠᠢᠮᠠᠳᠤᠭᠠᠷ ᠪᠠᠭ᠎ᠠ ᠰᠤᠷᠭᠠᠭᠤᠯᠢ ᠳᠤ ︽ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠫᠠᠶᠢᠰᠠ ᠣᠯᠭᠤᠪᠠ᠃ ᠲᠤᠬᠠᠶ ᠶᠢᠨ ᠲᠠᠯᠠᠪᠠᠶ ᠳᠤ ᠪᠠᠰᠠ 5 ᠨᠡᠷ᠎ᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠢᠴᠢᠶᠡᠯ ᠤᠨ ᠭᠠᠳᠠᠨᠠᠬᠢ ᠬᠠᠪᠰᠤᠷᠤᠨ ᠵᠢᠯᠣᠭᠤᠳᠤᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃    ᠳᠠᠷᠠᠭᠠᠴᠢ ᠶᠢᠨ ︽6 · 1︾ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤ ᠬᠦᠷᠭᠡᠪᠡ᠃ ᠰᠤᠷᠤᠭᠴᠢᠳ ᠤᠨ ᠨᠠᠷᠢᠨ ᠨᠢᠮᠪᠠᠢ ᠪᠡᠯᠡᠳᠬᠡᠭᠰᠡᠨ ᠪᠥᠵᠢᠭ᠂ ᠰᠢᠯᠦᠭ ᠤᠶᠠᠩᠭᠠᠯᠠᠬᠤ ᠵᠢᠴᠢ ᠨᠠᠶᠢᠷᠠᠯ ᠳᠠᠭᠤᠤ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃    ᠣᠶᠢᠷ᠎ᠠ ᠶᠢᠨ ᠵᠢᠯ ᠳᠤ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠷᠢᠨ ᠨᠢᠮᠪᠠᠶ ᠵᠢᠯᠣᠭᠤᠳᠣᠯᠭ᠎ᠠ ᠪᠠ ᠬᠦᠴᠦᠲᠡᠶ ᠳᠡᠮᠵᠢᠯᠭᠡ ᠳᠣᠤᠷ᠎ᠠ᠂ ᠰᠦᠩᠱᠠᠨ ᠤ ᠠᠷᠪᠠᠨ ᠨᠠᠢᠮᠠᠨ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠬᠦ ᠶᠢᠨ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠬᠤᠪᠢᠰᠬᠠᠯ ᠤᠨ ᠰᠣᠶᠣᠯ ᠵᠢᠴᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠮᠢᠶ᠎ᠠ ᠪᠥᠬᠦᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠡᠨᠡ ᠵᠢᠯ ᠤᠨ ᠡᠬᠢᠨ ᠳᠤ᠂ ᠲᠣᠰ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠲᠠᠢ ᠬᠠᠮᠲᠤᠷᠠᠭᠰᠠᠨ ︽ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠴᠣᠯᠠ ᠶᠢ ᠬᠦᠷᠲᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号