︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2024-2026 ᠣᠨ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/6/7
    ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2024-2026 ᠣᠨ︶︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶  ᠨᠢ ︽ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2024-2026 ᠣᠨ︶︾ ᠢ ᠦᠨᠳᠦᠰᠦᠯᠡᠨ ᠨᠠᠶᠢᠷᠠᠭᠤᠯᠤᠨ ᠵᠣᠬᠢᠶᠠᠵᠤ᠂ ᠪᠥᠬᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠬᠠᠮᠢᠶ᠎ᠠ ᠪᠦᠬᠦᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠡᠯ ᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠬᠤ ᠶᠢᠨ ᠲᠥᠯᠥᠭᠡ ᠶᠤᠮ᠃ ᠭᠤᠷᠪᠠᠨ ᠵᠢᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠪᠠᠷ ᠲᠠᠮᠵᠢᠨ᠂ ᠪᠦᠬᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠲᠤᠬᠠᠢ ᠣᠶᠢᠯᠠᠭᠠᠭᠳᠠᠬᠤᠨ ᠪᠣᠯᠤᠨ ᠱᠠᠭᠠᠷᠳᠠᠯᠭ᠎ᠠ ᠶᠢ ᠠᠬᠢᠭᠤᠯᠤᠨ ᠡᠵᠡᠩᠨᠡᠯᠲᠡ ᠶᠢᠨ ᠵᠥᠪᠰᠢᠶᠡᠷᠡᠯ᠂ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠠᠵᠢᠯ ᠲᠦᠷᠦᠯ ᠤᠨ ᠲᠥᠯᠥᠪᠵᠢᠭᠦᠯᠭᠡ ᠬᠢᠵᠦ᠂ ᠪᠦᠬᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠬᠠᠮᠢᠶ᠎ᠠ ᠪᠦᠬᠦᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠬᠤ ᠪᠠᠷ ᠴᠢᠷᠮᠠᠶᠢᠨ᠎ᠠ᠃    ᠭᠤᠤᠯ ᠠᠵᠢᠯ ᠤᠨ ᠡᠭᠦᠷᠭᠡ ᠪᠣᠯ ᠪᠣᠯᠪᠠᠰᠤᠷᠠᠭᠤᠯᠤᠭᠰᠠᠨ ᠲᠣᠰᠣ ᠡᠵᠡᠩᠨᠡᠬᠦ ᠵᠥᠪᠰᠢᠶᠡᠷᠡᠯ ᠤᠨ ᠠᠮᠤᠷ ᠲᠦᠪᠰᠢᠨ ᠤ ᠵᠢᠷᠤᠮᠵᠢᠯ ᠢ ᠴᠢᠩᠭᠠᠳᠬᠠᠨ᠂ ᠠᠵᠢᠯ ᠲᠥᠷᠥᠯ ᠤᠨ ᠠᠮᠤᠷ ᠲᠦᠪᠰᠢᠨ ᠬᠥᠭᠵᠢᠯᠲᠡ ᠶᠢ ᠵᠢᠷᠤᠮᠵᠢᠭᠤᠯᠵᠤ ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠶᠠᠪᠤᠳᠠᠯ ᠪᠣᠯᠤᠨ᠎ᠠ᠃ ᠬᠠᠮᠢᠶ᠎ᠠ ᠪᠥᠬᠦᠶ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠵᠢᠯ ᠡᠷᠭᠢᠯᠡᠭᠰᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠲᠦᠭᠰᠢᠭᠦᠷᠢ ᠶᠢ ᠰᠠᠨᠠᠭᠤᠯᠬᠤ ᠪᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠵᠢᠯ ᠲᠥᠷᠥᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠮᠤᠷ ᠲᠦᠪᠰᠢᠨ ᠤ ᠪᠣᠯᠪᠠᠰᠤᠷᠠᠭᠤᠯᠤᠯ ᠢ ᠪᠣᠳᠠᠲᠠᠶ  ᠠᠳᠬᠤᠨ᠎ᠠ᠃ ᠡᠭᠦᠨ ᠳᠤ 2024 ᠣᠨ ᠳᠤ ᠢᠳᠡᠭᠡᠨ ᠤᠮᠳᠠᠭᠠᠨ ᠤ ᠠᠵᠢᠯ ᠲᠥᠷᠥᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠥᠷᠨᠢᠭᠦᠯᠦᠨ᠎ᠡ︔ 2025 ᠣᠨ ᠳᠤ ᠪᠣᠯᠪᠠᠰᠤᠷᠠᠭᠤᠯᠤᠭᠰᠠᠨ ᠲᠣᠰᠣᠨ ᠤ ᠭᠦᠢᠯᠭᠡᠭᠡ᠂ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠢᠯ ᠲᠥᠷᠥᠯ ᠤᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠥᠷᠨᠢᠭᠦᠯᠦᠨ᠎ᠡ︔ 2026 ᠣᠨ ᠳᠤ ᠦᠵᠡᠰᠬᠦᠯᠡᠩ ᠤᠨ ᠠᠵᠢᠯ ᠲᠥᠷᠥᠯ ᠤᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠥᠷᠨᠢᠭᠦᠯᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠤ ᠲᠥᠪᠯᠡᠷᠡᠩᠭᠦᠶ ᠪᠣᠯᠪᠠᠰᠤᠷᠠᠭᠤᠯᠤᠯ ᠢ ᠬᠠᠮᠵᠢᠯᠴᠠᠨ ᠥᠷᠨᠢᠭᠦᠯᠵᠦ᠂ ᠬᠡᠳᠦ᠋ᠢᠪᠡᠷ ᠵᠢᠯ ᠪᠦᠷᠢ ᠪᠣᠯᠪᠠᠰᠤᠷᠠᠭᠤᠯᠬᠤ ᠳᠤ ᠴᠥᠮ ᠭᠤᠤᠯᠳᠠᠯᠭ᠎ᠠ ᠲᠠᠢ ᠪᠠᠶᠢᠬᠤ ᠪᠣᠯᠪᠠᠴᠤ ᠮᠥᠨ ᠬᠦ ᠵᠡᠷᠭᠡ ᠪᠠᠷ ᠪᠥᠬᠦ ᠲᠠᠯ᠎ᠠ ᠶᠢᠨ᠂ ᠡᠳᠦᠷ ᠲᠤᠲᠤᠮ ᠤᠨ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠢ ᠦᠷᠨᠢᠭᠦᠯᠦᠨ᠎ᠡ᠃    ︽ᠲᠥᠰᠦᠯ︾ ᠳᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠵᠤ ᠠᠬᠤᠶᠢᠯᠠᠯ ᠤᠳ ᠠᠵᠢᠯ ᠲᠥᠷᠥᠯ ᠢ ᠵᠢᠷᠤᠮᠵᠢᠭᠤᠯᠤᠨ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠠᠮᠤᠷ ᠲᠦᠪᠰᠢᠨ ᠬᠥᠭᠵᠢᠯᠲᠡ ᠶᠢ ᠴᠢᠬᠤᠯᠠᠴᠢᠯᠠᠨ᠂ ᠡᠯ᠎ᠡ ᠠᠵᠤ ᠠᠬᠤᠶᠢᠯᠠᠯ ᠤᠳ ᠠᠶᠤᠯ ᠥᠬᠡᠶ ᠦᠢᠯᠡᠳᠪᠦᠷᠢᠯᠡᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠪᠠᠶᠢᠴᠠᠭᠠᠯᠲᠠ ᠶᠢᠨ ᠵᠢᠯᠣᠭᠤᠳᠣᠯᠭ᠎ᠠ ᠵᠡᠷᠭᠡ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠤᠬᠠᠭᠤᠯᠤᠨ ᠲᠤᠤᠱᠯᠠᠭᠤᠯᠵᠤ᠂ ᠲᠠᠶᠢᠯᠤᠮᠵᠢ ᠬᠢᠬᠦ ᠬᠡᠷᠡᠭᠲᠡᠶ᠃ ᠠᠮᠤᠷ ᠲᠥᠪᠰᠢᠨ ᠬᠦᠭᠵᠢᠯᠲᠡ ᠶᠢ ᠴᠢᠬᠤᠯᠠᠴᠢᠯᠠᠬᠤ ᠬᠡᠷᠡᠭᠲᠡᠶ᠃ ᠤᠯᠤᠰ ᠤᠨ ᠳᠣᠲᠣᠭᠠᠳᠤ ᠶᠢᠨ ᠠᠷᠠᠯᠵᠢᠶ᠎ᠠ᠂ ᠭᠠᠳᠠᠭᠠᠳᠤ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ ᠭᠠᠳᠠᠭᠠᠳᠤ ᠪᠡᠯᠡ ᠶᠢ ᠠᠰᠢᠭᠯᠠᠬᠤ ᠵᠡᠷᠭᠡ ᠬᠠᠮᠢᠶ᠎ᠠ ᠪᠥᠬᠦᠶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ︽ᠲᠥᠰᠦᠯ︾ ᠳᠤ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ︾ ᠶᠢ ᠢᠳᠡᠭᠡᠨ ᠤᠮᠳᠠᠭᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ ᠶᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠪᠦᠲᠦᠭᠡᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠤᠨ ᠳᠤᠮᠳᠠ ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ ᠭᠡᠵᠦ ᠲᠣᠳᠣᠷᠬᠠᠶᠢᠯᠠᠪᠠ᠃    ︽ᠲᠥᠰᠦᠯ︾ ᠨᠢ ᠬᠤᠳᠠᠯᠳᠤᠭᠠᠨ ᠤ ᠶᠠᠪᠤᠳᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠤᠳ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号