︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/7
    ᠨᠢᠭᠡ᠂ ᠲᠣᠭᠲᠠᠭᠠᠭᠰᠠᠨ ᠠᠬᠤᠶ ᠪᠠᠶᠢᠳᠠᠯ    ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ  ᠬᠠᠤᠯᠢ ᠮᠡᠳᠡᠭᠳᠡᠯ ﹇2020﹈ 21 ᠳ᠋ᠦ᠋ᠭᠡᠷ ᠲᠣᠭᠠᠲᠤ︶ ᠢ ᠲᠣᠭᠲᠠᠭᠠᠵᠤ᠂ ᠤᠤᠯ ᠤᠨ ᠲᠠᠷᠬᠠᠭᠠᠭᠰᠠᠨ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ︾ ︵ᠥᠪᠥᠷ ᠨᠠᠮ ᠠᠯᠪᠠᠨ ᠲᠠᠷᠬᠠᠭᠠᠭᠰᠠᠨ ﹇2019﹈ 22 ᠳ᠋ᠤᠭᠠᠷ ᠲᠣᠭᠠᠲᠤ ᠳᠠᠭᠠᠯᠳᠤᠭᠤᠯᠤᠯ︶ ᠳᠤ ᠲᠣᠬᠢᠷᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠡᠷᠬᠡ ᠣᠯᠭᠤᠭᠰᠠᠨ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠬᠠᠮᠢᠶ᠎ᠠ ᠪᠥᠬᠦᠶ ᠠᠵᠢᠯ ᠢ ᠨᠠᠩ ᠰᠠᠶᠢᠲᠤᠷ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ ᠂ ᠡᠷᠬᠡ ᠣᠯᠭᠤᠬᠤ ᠵᠦᠢᠯᠡᠰ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠦᠯᠦᠭᠡ᠂ ᠮᠠᠨ ᠤ ᠲᠣᠭᠤᠷᠢᠭ ᠡᠷᠬᠡ ᠣᠯᠭᠤᠬᠤ ᠵᠦᠢᠯᠡᠰ ᠪᠠ ᠬᠠᠤᠯᠢ ᠪᠠᠷ ᠲᠣᠭᠲᠠᠭᠠᠭᠰᠠᠨ ᠵᠦᠢᠯᠡᠰ ᠲᠠᠢ ᠤᠶᠠᠯᠳᠤᠭᠤᠯᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠳᠠᠭᠢᠵᠤ ᠰᠢᠨ᠎ᠡ ᠪᠠᠷ ᠳᠣᠭᠢᠷᠠᠭᠤᠯᠤᠨ ᠵᠣᠬᠢᠶᠠᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠬᠠᠤᠯᠢ ᠬᠡᠷᠡᠭᠵᠢᠭᠦᠯᠬᠦ ᠵᠠᠭᠠᠭ ᠬᠢᠵᠠᠭᠠᠷ ᠢ ᠲᠤᠳᠤᠷᠬᠠᠶᠢᠯᠠᠵᠤ᠂ ᠵᠣᠯᠭᠠᠭᠤᠯᠬᠤ ᠶᠢ ᠪᠣᠳᠠᠲᠠᠶᠢᠵᠢᠭᠤᠯᠬᠤ ᠥᠬᠡᠶ ᠠᠴᠠ ᠪᠣᠯᠵᠣ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠬᠤᠭᠤᠰᠣᠨ ᠪᠠᠶᠢᠳᠠᠯ ᠭᠠᠷᠬᠤ ᠠᠴᠠ ᠵᠠᠶᠢᠯᠠᠰᠬᠢᠪᠠ᠃    ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾᠂ ︽ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠵᠢᠯᠣᠭᠤᠳᠬᠤ ᠭᠠᠷᠴᠠᠭ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠠᠤᠯᠢ ᠮᠡᠳᠡᠭᠳᠡᠯ ﹇2020﹈ 21 ᠳ᠋ᠦ᠋ᠭᠡᠷ ᠲᠣᠭᠠᠲᠤ︶ ᠢ ᠦᠨᠳᠦᠰᠦᠯᠡᠨ᠂ ᠰᠦᠩᠱᠠᠨ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ︾ ︵2024 ᠣᠨ ᠤ ᠬᠡᠪᠯᠡᠯ︶ ᠢ ᠲᠣᠭᠲᠠᠭᠠᠪᠠ᠃    ᠭᠤᠷᠪᠠ᠂ ᠠᠵᠢᠯ ᠤᠨ ᠱᠠᠭᠠᠷᠳᠠᠯᠭ᠎ᠠ    ᠲᠣᠰ ᠤᠳᠠᠭᠠᠨ ᠤ ᠨᠡᠶᠢᠲᠡᠯᠡᠭᠰᠡᠨ 67 ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ  ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠬᠠᠷᠢᠴᠠᠩᠭᠤᠶ ᠪᠠᠷ ᠲᠥᠪᠯᠡᠷᠡᠭᠦᠯᠦᠨ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠬᠡᠷᠡᠭᠵᠢᠭᠦᠯᠦᠨ᠎ᠡ᠃ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠬᠡ ᠣᠯᠭᠤᠬᠤ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ᠂ ᠴᠢᠯᠥᠭᠡᠲᠦ ᠲᠠᠰᠤᠯᠤᠯᠲᠠ ᠶᠢᠨ ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠤᠨ ᠴᠢᠨᠠᠷᠲᠠᠶ ᠲᠣᠭᠲᠠᠭᠠᠯ ᠵᠡᠷᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠶ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠬᠤ  ᠵᠦᠢᠯᠡᠰ ᠢ ᠦᠷᠭᠦᠯᠵᠢᠯᠡᠨ ᠳᠠᠭᠠᠵᠤ᠂ ᠡᠷᠬᠡ ᠣᠯᠭᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ ᠂ ᠡᠷᠬᠡ ᠣᠯᠭᠤᠬᠤ ᠵᠦᠢᠯᠡᠰ ᠤᠨ ᠬᠠᠤᠯᠢ ᠬᠡᠷᠡᠭᠵᠢᠭᠦᠯᠦᠭᠰᠡᠨ ᠪᠠᠶᠢᠳᠠᠯ᠂ ᠳᠠᠭᠠᠭᠠᠨ ᠠᠪᠬᠤ ᠴᠢᠳᠠᠪᠤᠷᠢ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠲᠠᠯ᠎ᠠ ᠳᠤ ᠴᠢᠭᠯᠡᠭᠦᠯᠦᠨ ᠰᠤᠳᠤᠯᠤᠨ ᠮᠠᠭᠠᠳᠯᠠᠵᠤ ᠵᠠᠳᠠᠯᠤᠯᠲᠠ ᠬᠢᠬᠦ ᠶᠢᠨ ᠬᠠᠮᠲᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠵᠢᠴᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠡᠷᠬᠡ ᠣᠯᠭᠤᠬᠤ ᠵᠦᠢᠯᠡᠰ ᠢ ᠬᠥᠳᠡᠯᠦᠩᠭᠦᠶ ᠪᠠᠷ ᠳᠣᠭᠢᠷᠠᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号