ᠰᠦᠩᠱᠠᠨ ᠲᠣᠭᠤᠷᠢᠭ ᠠᠷᠢᠭᠤᠨ ᠴᠢᠬᠡᠴᠢ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ ᠡᠷᠬᠢᠯᠡᠪᠡ
ᠨᠡᠶᠢᠲᠡᠯᠡᠭᠰᠡᠨ ᠴᠠᠭ᠄
2024/7/10
   7 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠰᠦᠩᠱᠠᠨ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤᠷᠠᠨ ᠠᠷᠢᠭᠤᠨ ᠴᠢᠬᠡᠴᠢ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠡᠷᠬᠢᠯᠡᠪᠡ᠃    ᠲᠣᠰ ᠤᠳᠠᠭᠠᠨ ᠤ ᠦᠵᠡᠰᠬᠦᠯᠡᠩ ᠨᠢ ᠠᠷᠢᠭᠤᠨ ᠴᠢᠬᠡᠴᠢ ᠰᠣᠶᠣᠯ ᠢ ᠪᠠᠳᠠᠷᠠᠭᠤᠯᠬᠤ ᠪᠠᠷ ᠬᠦᠴᠦᠯᠡᠬᠦ ᠴᠡᠭ ᠪᠣᠯᠭᠠᠵᠤ᠂ ᠤᠷᠠᠨ ᠪᠢᠴᠢᠯᠭᠡ᠂ ᠤᠷᠠᠨ ᠵᠢᠷᠤᠭ ᠤᠨ ᠪᠦᠲᠦᠭᠡᠯ ᠢ ᠨᠡᠶᠢᠲᠡ 200 ᠭᠠᠷᠤᠶ ᠳᠡᠯᠭᠡᠨ ᠦᠵᠡᠭᠦᠯᠪᠡ᠃ ᠪᠦᠲᠦᠭᠡᠯ ᠨᠢ ᠠᠷᠢᠭᠤᠨ ᠴᠢᠬᠡᠴᠢ ᠭᠤᠤᠯ ᠰᠡᠳᠦᠪ ᠤᠨ ᠲᠣᠭᠤᠷᠢᠨ ᠳᠤ᠂ ᠦᠵᠡᠯ ᠰᠠᠨᠠᠭᠠᠴᠢ ᠴᠢᠨᠠᠷ ᠪᠠ ᠤᠷᠠᠯᠢᠭᠴᠢ ᠴᠢᠨᠠᠷ ᠢ ᠨᠢᠭᠡ ᠴᠤᠭᠴᠠᠵᠢᠭᠤᠯᠵᠤ᠂ ᠠᠷᠢᠭᠤᠨ ᠴᠢᠬᠡᠴᠢ ᠶᠢᠨ ᠬᠥᠮᠦᠵᠢᠯ ᠪᠠ ᠲᠡᠤᠬᠡ ᠰᠣᠶᠣᠯ᠂ ᠤᠯᠠᠮᠵᠢᠯᠠᠯᠲᠤ ᠰᠣᠶᠣᠯ ᠢ ᠤᠶᠠᠯᠳᠤᠭᠤᠯᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠥᠪᠡᠷᠮᠢᠴᠡ ᠣᠨᠴᠠᠯᠢᠭ ᠲᠠᠢ ᠪᠠᠶᠢᠵᠤ᠂ ᠦᠵᠡᠰᠬᠦᠯᠡᠩ ᠨᠢ 7 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号