ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/18
    7 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ︽ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ︾ ᠪᠠ ︽︿ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ﹀ ᠢ ᠴᠢᠨᠠᠷ ᠰᠠᠶᠢᠲᠠᠶ ᠳᠥᠯᠭᠢᠨ ᠠᠬᠢᠭᠤᠯᠬᠤ︾ ᠵᠥᠪᠯᠡᠬᠦ ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ᠂ ᠲᠣᠭᠤᠷᠢᠭ ᠤᠨ ᠤᠳᠤᠷᠢᠳᠤᠯᠭ᠎ᠠ ᠬᠠᠨ ᠶᠦᠩ᠂ ᠴᠢᠨ ᠢᠦᠶ ᠬᠤᠤ᠂ ᠰᠦᠨ ᠯᠢ ᠸᠧᠨ᠂ ᠯᠢᠦ ᠸᠠᠨ ᠯᠢ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠯᠠᠭᠠᠨᠬᠠᠳᠠ ᠶᠢᠨ ᠬᠤᠩ ᠵᠢᠢ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠬᠠᠮᠢᠶᠠᠷᠤᠯᠲᠠ ᠶᠢᠨ ᠲᠥᠯᠥᠪᠵᠢᠭᠦᠯᠭᠡ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠴᠢᠳᠠᠪᠤᠷᠢᠲᠠᠨ ᠤ ᠡᠩᠨᠡᠭᠡ᠂ ᠨᠠᠮ ᠤᠨ ᠪᠠᠶᠢᠭᠤᠯᠤᠯᠲᠠ ᠶᠢᠨ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ︔ ᠡᠭᠦᠨ ᠤ ᠬᠠᠮᠲᠤ ᠠᠵᠤ ᠠᠬᠤᠶᠢᠯᠠᠯ ᠤᠨ ᠡᠵᠡᠩᠨᠡᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠤᠨ ᠲᠤᠬᠠᠢ ᠺᠣᠮᠫᠠᠨᠢ ᠶᠢᠨ ᠬᠠᠷᠢᠭᠤᠴᠠᠯᠭᠠᠲᠠᠨ ᠯᠢ ᠭᠦᠸᠧ ᠳ᠋ᠦᠩ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠵᠥᠪᠳᠡᠯᠴᠡᠨ ᠠᠬᠢᠭᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号