ᠵᠥᠩ ᠴᠢᠩ ᠰᠥᠩ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
    7 ᠰᠠᠷ᠎ᠠ ᠶᠢᠨ 17 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2024 ᠣᠨ ᠤ ᠵᠠᠰᠠᠭ ᠤᠨ ᠣᠷᠳᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠥᠬᠦ ᠣᠷᠣᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠵᠢᠷᠤᠮᠵᠢᠭᠤᠯᠤᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠵᠤ᠂ ᠳᠣᠤᠷ᠎ᠠ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠬᠥᠭᠵᠢᠯᠲᠡ ᠶᠢ ᠠᠳᠬᠤᠬᠤ ᠲᠤᠯᠭᠠᠮ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠲᠡᠷᠢᠭᠦᠨ ᠤ ᠭᠠᠵᠠᠷ ᠣᠷᠣᠨ ᠤ ᠰᠡᠳᠬᠢᠴᠡ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠠᠷᠠᠯᠵᠢᠶᠠᠴᠢᠨ ᠤᠷᠢᠬᠤ᠂ ᠣᠷᠴᠢᠨ ᠲᠣᠭᠤᠷᠢᠨ ᠢ ᠱᠤᠭᠤᠬᠤ᠂ ᠬᠥᠭᠵᠢᠯᠲᠡ ᠶᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠲᠡᠮᠡᠴᠡᠬᠦ ᠣᠪᠣᠷ ᠪᠠᠶᠢᠳᠠᠯ ᠪᠣᠯᠤᠨ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠦᠷᠢᠮ ᠪᠠ ᠲᠥᠷᠥ ᠶᠢᠨ ᠪᠣᠳᠣᠯᠭ᠎ᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠣᠷᠮ᠎ᠠ ᠪᠠ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠢᠨᠠᠷ ᠰᠠᠶᠢᠲᠠᠢ ᠲᠦᠷᠦᠯ ᠵᠦᠢᠯ ᠢ ᠦᠷᠭᠦᠯᠵᠢᠯᠡᠨ ᠲᠥᠯᠥᠪᠵᠢᠭᠦᠯᠦᠨ ᠨᠥᠭᠡᠴᠡᠯᠡᠬᠦ ᠶᠢᠨ ᠬᠠᠮᠲᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ᠤᠳᠤᠷᠢᠳᠬᠤ ᠺᠠᠳ᠋ᠷ ᠠᠴᠠ ᠠᠵᠢᠯᠲᠠᠳ ᠬᠦᠷᠲᠡᠯ᠎ᠡ ᠴᠥᠮ ᠬᠤᠳᠠᠯᠳᠤᠭᠠᠴᠢᠨ ᠢ ᠳᠣᠲᠣᠨᠣᠴᠢᠯᠠᠨ ᠬᠤᠳᠠᠯᠳᠤᠭᠠᠴᠢᠨ ᠢ ᠬᠦᠨᠳᠦᠳᠬᠡᠵᠦ ᠂ ᠭᠦᠢᠴᠡᠳ ᠦᠢᠯᠡᠴᠢᠯᠡᠵᠦ᠂ ᠡᠯ᠎ᠡ ᠭᠠᠵᠠᠷ ᠤᠨ ᠠᠷᠠᠯᠵᠢᠶᠠᠴᠢᠳ ᠲᠤ ᠰᠦᠩᠱᠠᠨ ᠤ ᠠᠷᠠᠳ ᠲᠦᠮᠡᠨ ᠤ ᠦᠨᠡᠨᠴᠢ ᠬᠠᠯᠠᠭᠤᠨ ᠰᠡᠳᠬᠢᠯᠭᠡ ᠶᠢ ᠭᠦᠢᠴᠡᠳ ᠮᠡᠳᠡᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠵᠢᠯ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠴᠢᠩᠭ᠎ᠠ ᠰᠤᠷᠲᠠᠯ᠂ ᠲᠡᠮᠤᠷ ᠮᠡᠲᠦ ᠰᠠᠬᠢᠯᠭ᠎ᠠ ᠪᠠᠲᠤ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ ︽ᠰᠦᠩᠱᠠᠨ ᠲᠣᠭᠤᠷᠢᠭ ᠤᠨ 2035 ᠰᠤᠷᠭᠠᠨ ᠬᠥᠮᠦᠵᠢᠯ ᠤᠨ ᠣᠳᠣᠬᠢᠴᠢᠯᠠᠭᠰᠠᠨ ᠥᠯᠢᠭᠡᠷ ᠡᠳ᠋ ᠤᠨ ᠰᠤᠷᠭᠠᠭᠤᠯᠢ ᠶᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ︔ ᠲᠠᠷᠢᠶᠠᠨ ᠭᠠᠵᠠᠷ ᠢ ᠬᠠᠮᠠᠭᠠᠯᠠᠬᠤ ᠪᠠ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠭᠠᠵᠠᠷ ᠰᠢᠷᠣᠶ ᠵᠢᠴᠢ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠬᠡᠷᠡᠭᠯᠡᠬᠦ ᠲᠥᠯᠥᠪᠯᠡᠭᠡ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠪᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠾᠦᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᡁᠢ ᠭᠤᠸᠠᠩ᠂ ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ ᠹᠦ᠋᠂ ᠵᠤᠤ ᠱᠢ ᠴᠤᠤ᠂ ᠯᠢ ᡁᠢ ᠭᠦᠸᠧ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠵᠢᠶᠠᠨ ᠪᠢᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠹᠧᠩ ᠵᠢᠶᠦ᠋ᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号