7 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠦᠬᠦ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠰᠣᠯᠢᠯᠴᠠᠭ᠎ᠠ | ᠦᠵᠡᠭᠦᠯᠭᠡ ᠶᠢᠨ ᠠᠵᠢᠯᠯᠠᠭ᠎ᠠ ᠰᠦᠩᠱᠠᠨ ᠲᠣᠭᠤᠷᠢᠭ ᠲᠤ ᠶᠠᠪᠤᠭᠳᠠᠪᠠ᠃ ᠬᠤᠳᠠ ᠲᠤᠭᠤᠷᠢᠭ ᠤᠨ ᠤᠳᠤᠷᠢᠳᠤᠯᠭ᠎ᠠ | ᠲᠢᠶᠠᠨ ᠰᠢᠶᠠᠩ ᠼᠦᠨ᠂ ᠹᠦ᠋ ᠰᠢᠶᠤᠤ ᠯᠢᠨ᠂ ᠯᠢ ᠵᠠᠨ ᠶᠦᠩ᠂ ᠶᠤᠸᠠᠨ ᠴᠦᠨ ᠯᠢ᠂ ᠱᠢ ᠵᠢᠶᠠᠨ ᠪᠢᠨ᠂ ᠯᠢ | ᠰᠢᠶᠠᠨ ᠹᠦ᠋ ᠠᠵᠢᠯᠯᠠᠭ᠎ᠠ ᠳᠤ ᠤᠷᠤᠯᠴᠠᠪᠠ᠃ | ᠲᠣᠭᠤᠷᠢᠨ ᠦᠵᠡᠬᠦ ᠠᠵᠢᠯᠯᠠᠭ᠎ᠠ ᠳᠤᠮᠳᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠤᠷᠢᠳ ᠬᠤᠵᠢᠳ ᠰᠦᠩᠱᠠᠨ ᠲᠣᠭᠤᠷᠢᠭ ᠤᠨ ᠰᠢᠭᠦᠬᠦ ᠬᠤᠷᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠲᠤ ᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠭᠤᠭ᠎ᠠ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠬᠦ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠳᠤ | ᠣᠷᠣᠯᠴᠠᠬᠤ᠂ ᠬᠢᠨᠠᠯᠲᠠ ᠲᠠᠯᠪᠢᠬᠤ ᠵᠦᠢᠯᠡᠰ ᠢ ᠲᠤᠰᠬᠠᠬᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ | ᠳᠥᠷᠪᠡᠨ ᠵᠦᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠢᠨ᠎ᠡ ᠲᠣᠭᠲᠠᠴᠠ ᠶᠢᠨ ᠬᠠᠮᠢᠶ᠎ᠠ ᠪᠥᠬᠦᠶ ᠠᠵᠢᠯ ᠳᠤ | ᠣᠷᠣᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠᠨ ᠤ ᠬᠤᠲᠠ ᠶᠢᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠭᠰᠡᠨ ᠪᠠᠶᠢᠳᠠᠯ᠂ ᠬᠤᠷᠠᠯ ᠲᠡᠭᠦᠰᠦᠭᠰᠡᠨ | ᠬᠤᠭᠤᠴᠠᠭᠠᠨ ᠳᠤ ᠦᠢᠯᠡᠳᠦᠯ ᠢᠶᠠᠨ ᠪᠠᠳᠠᠷᠠᠭᠤᠯᠤᠭᠰᠠᠨ ᠬᠢᠯᠠᠰ ᠴᠡᠭᠲᠦ ᠠᠷᠭ᠎ᠠ ᠬᠢᠳᠡᠯ ᠵᠡᠷᠭᠡ ᠠᠭᠤᠯᠭ᠎ᠠ ᠶᠢᠨ | ᠲᠣᠭᠤᠷᠢᠨ ᠳᠤ ᠲᠣᠭᠤᠷᠢᠨ ᠦᠵᠡᠭᠰᠡᠨ ᠪᠥᠭᠡᠳ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠣᠶᠢᠯᠠᠭᠠᠭᠰᠠᠨ ᠢᠶᠠᠷ᠂ 7 ᠰᠠᠷ᠎ᠠ ᠶᠢᠨ 22 ᠤᠨ ᠡᠳᠦᠷ ᠠᠴᠠ 26 ᠤ ᠡᠳᠦᠷ ᠪᠣᠯᠲᠠᠯ᠎ᠠ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠥᠬᠦ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ 12 ᠬᠤᠰᠢᠭᠤ | ᠰᠢᠶᠠᠨ ᠲᠣᠭᠤᠷᠢᠭ ᠲᠤ ᠬᠦᠷᠴᠦ ᠰᠠᠨᠠᠯ ᠢᠶᠠᠨ ᠰᠣᠯᠢᠯᠴᠠᠵᠤ ᠲᠣᠭᠤᠷᠢᠨ ᠦᠵᠡᠭᠦᠯᠦᠨ᠎ᠡ᠃ ᠰᠣᠯᠢᠯᠴᠠᠭ᠎ᠠ ᠬᠢᠵᠦ | ᠲᠣᠭᠤᠷᠢᠨ ᠦᠵᠡᠬᠦ ᠪᠠᠷ ᠳᠠᠮᠵᠢᠭᠤᠯᠤᠨ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ᠂ ᠰᠠᠶᠢᠨ ᠲᠠᠢ ᠲᠠᠯ᠎ᠠ ᠶᠢ ᠨᠢ | ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠲᠥᠯᠥᠭᠡᠯᠡᠭᠴᠢᠳ ᠤᠨ ᠠᠵᠢᠯ ᠢ ᠭᠦᠨᠵᠡᠭᠡᠶᠢᠷᠡᠭᠦᠯᠦᠨ | ᠥᠷᠭᠡᠳᠬᠡᠵᠦ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠠᠬᠢᠭᠤᠯᠵᠤ᠂ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ |