︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/26
    ᠨᠢᠭᠡ᠂ ᠠᠵᠢᠯ ᠤᠨ ᠠᠬᠤᠢ ᠪᠠᠶᠢᠳᠠᠯ    ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠤᠨ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠦᠷ᠎ᠡ ᠪᠦᠲᠦᠮᠵᠢ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠦᠩᠱᠠᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    1. ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠮᠥᠨ᠂ ᠲᠡᠭᠦᠨ ᠤ ᠬᠠᠷᠢᠶ᠎ᠠ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ︵ᠳᠣᠷᠣᠭᠰᠢ ᠬᠢᠨᠠᠨ ᠲᠣᠭᠲᠠᠭᠠᠬᠤ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠪᠣᠳᠠᠲᠠᠶ ᠬᠢᠨᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠰᠢᠯᠭᠠᠷᠠᠭᠤᠯᠤᠨ ᠲᠣᠭᠲᠠᠭᠠᠬᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠢᠷᠢ ᠴᠢᠳᠠᠮᠵᠢ ᠲᠠᠢ ᠨᠡᠶᠢᠭᠡᠮ ᠤᠨ ᠵᠠᠭᠤᠴᠢ ᠪᠠᠶᠢᠭᠤᠯᠤᠮᠵᠢ ᠶᠢ ᠤᠷᠢᠨ ᠬᠡᠷᠡᠭᠯᠡᠵᠦ ᠬᠠᠪᠰᠤᠷᠤᠨ ᠰᠢᠯᠭᠠᠷᠠᠭᠤᠯᠤᠨ ᠲᠣᠭᠲᠠᠭᠠᠬᠤ ᠶᠢ ᠬᠢᠯᠭᠡᠵᠦ ᠪᠣᠯᠣᠨ᠎ᠠ᠃    2. ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠬᠡᠷᠡᠭᠯᠡᠭᠰᠡᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠪᠤᠰᠤᠳ ᠵᠠᠷᠤᠯᠭ᠎ᠠ ᠶᠢᠨ ᠲᠥᠷᠥᠯ ᠵᠦᠢᠯ ᠪᠦᠬᠦᠨ ᠢ ᠲᠣᠭᠲᠠᠭᠠᠯ ᠶᠣᠰᠣᠭᠠᠷ ᠬᠢᠨᠠᠨ ᠲᠣᠭᠲᠠᠭᠠᠬᠤ ᠬᠡᠷᠡᠭᠲᠡᠶ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠳᠡᠭ ᠨᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠵᠢᠭᠠᠵᠤ ᠪᠤᠶ᠃    3᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠲᠣᠭᠲᠠᠭᠠᠬᠤ ᠠᠭᠤᠯᠭ᠎ᠠ ᠳᠤ᠄ ᠲᠥᠷᠥᠯ ᠵᠦᠢᠯ ᠤᠨ ᠲᠥᠰᠦᠪ ᠪᠠ ᠪᠠᠷᠢᠯᠭ᠎ᠠ ᠳᠠᠭᠤᠰᠴᠤ ᠳ᠋ᠦᠩᠨᠡᠨ ᠪᠤᠳᠤᠭᠰᠠᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠭ ᠬᠤᠭᠤᠴᠠᠭᠠᠲᠤ ᠴᠢᠨᠠᠷ ᠵᠡᠷᠭᠡ ᠬᠢᠨᠠᠨ ᠬᠠᠷᠭᠤᠭᠤᠯᠤᠯᠲᠠ︔ ᠪᠠᠷᠢᠯᠭ᠎ᠠ ᠶᠢᠨ ᠲᠥᠷᠥᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠤᠨ ᠲᠥᠰᠦᠪ᠂ ᠳ᠋ᠦᠩᠨᠡᠨ ᠪᠣᠳᠣᠯᠲᠠ ᠶᠢ ᠬᠢᠨᠠᠨ ᠬᠠᠷᠭᠤᠭᠤᠯᠬᠤ︔ ᠪᠤᠰᠤᠳ ᠬᠢᠨᠠᠨ ᠲᠣᠭᠲᠠᠭᠠᠬᠤ ᠴᠢᠬᠤᠯᠠ ᠲᠠᠢ ᠠᠭᠤᠯᠭ᠎ᠠ᠃    4᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠦᠨᠳᠦᠰᠦᠯᠡᠯ᠄ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠲᠡᠯᠡᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ︔ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠲᠡᠯᠡᠭᠰᠡᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠪᠣᠯᠤᠨ ᠮᠡᠷᠭᠡᠵᠢᠯ ᠤᠨ ᠵᠢᠷᠤᠮᠵᠢᠯ︔ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠵᠢᠴᠢ ᠪᠤᠰᠤᠳ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠮᠡᠳᠡᠭᠡ ᠵᠠᠩᠭᠢ︔ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠦᠢᠮᠣ ᠲᠥᠰᠦᠪ ᠢ ᠴᠣᠬᠤᠯᠠᠪᠤᠷᠢᠯᠠᠨ ᠬᠠᠷᠢᠭᠤᠯᠤᠭᠰᠠᠨ ᠵᠡᠷᠭᠡ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠲᠥᠷᠥᠯ ᠵᠦᠢᠯ ᠤᠨ ᠵᠢᠷᠤᠭ ᠲᠥᠯᠥᠪᠯᠡᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠡᠷ᠎ᠡ ᠵᠡᠷᠭᠡ ᠪᠢᠴᠢᠭ ᠮᠠᠲ᠋ᠧᠷᠢᠶᠠᠯ᠃     5. ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢ ᠬᠤᠪᠢᠷᠠᠭᠤᠯᠬᠤ᠂ ᠲᠤᠬᠠᠶ ᠶᠢᠨ ᠲᠠᠯᠠᠪᠠᠶ ᠳᠤ ᠸᠢᠰᠠᠯᠠᠬᠤ ᠵᠦᠢᠯᠡᠰ ᠢ ︽ᠤᠷᠢᠳᠠᠪᠠᠷ ᠬᠢᠨᠠᠨ ᠵᠥᠪᠰᠢᠶᠡᠷᠡᠵᠦ᠂ ᠳᠠᠷᠠᠭ᠎ᠠ ᠨᠢ ᠬᠡᠷᠡᠭᠵᠢᠭᠦᠯᠬᠦ ︾ ᠵᠠᠷᠴᠢᠮ ᠢ ᠴᠢᠩᠭ᠎ᠠ ᠵᠢᠷᠤᠮᠯᠠᠨ᠂ ᠲᠤᠰᠬᠠᠶ ᠰᠡᠳᠦᠪᠲᠦ ᠬᠤᠷᠠᠯ ᠢᠶᠠᠷ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢ ᠬᠤᠪᠢᠷᠠᠭᠤᠯᠬᠤ᠂ ᠲᠤᠬᠠᠶ ᠶᠢᠨ ᠲᠠᠯᠠᠪᠠᠶ ᠶᠢᠨ ᠸᠢᠰᠠᠯᠠᠬᠤ ᠳᠤ ᠬᠠᠮᠢᠶᠠᠷᠤᠯᠲᠠ ᠬᠢᠬᠦ ᠶᠢ ᠬᠠᠷᠢᠭᠤᠴᠠᠬᠤ ᠶᠢᠨ ᠬᠠᠮᠲᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠠᠷᠢᠯᠭ᠎ᠠ ᠶᠢ ᠬᠤᠪᠢᠷᠠᠭᠤᠯᠬᠤ᠂ ᠲᠤᠬᠠᠶ ᠶᠢᠨ ᠲᠠᠯᠠᠪᠠᠶ ᠶᠢᠨ ᠸᠢᠰᠠᠯᠠᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠬᠤ ᠬᠡᠷᠡᠭᠲᠡᠶ᠃ ᠪᠠᠷᠢᠯᠭ᠎ᠠ ᠶᠢ ᠬᠤᠪᠢᠷᠠᠭᠤᠯᠬᠤ᠂ ᠲᠤᠬᠠᠶ ᠶᠢᠨ ᠲᠠᠯᠠᠪᠠᠶ ᠳᠤ ᠸᠢᠰᠠᠯᠠᠬᠤ ᠲᠤᠰᠬᠠᠶ ᠰᠡᠳᠦᠪᠲᠦ ᠬᠤᠷᠠᠯ ᠢ ᠪᠠᠷᠢᠯᠭ᠎ᠠ ᠪᠠᠷᠢᠭᠤᠯᠬᠤ ᠨᠢᠭᠡᠴᠡ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠲᠦᠭᠡᠨ ᠪᠠᠶᠢᠭᠤᠯᠬᠤ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ᠂ ᠵᠢᠷᠤᠭᠯᠠᠨ ᠲᠥᠯᠥᠪᠯᠡᠬᠦ᠂ ᠬᠠᠶᠢᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠨᠢᠭᠡᠴᠡ ᠣᠷᠣᠯᠴᠠᠨ᠎ᠠ᠃ ᠲᠤᠰᠬᠠᠶ ᠰᠡᠳᠦᠪᠲᠦ ᠬᠤᠷᠠᠯ ᠨᠢ ᠡᠷᠬᠡᠪᠰᠢ ᠪᠠᠷᠢᠯᠭ᠎ᠠ ᠶᠢᠨ ᠬᠤᠪᠢᠷᠠᠭᠤᠯᠤᠯᠲᠠ᠂ ᠲᠤᠬᠠᠶ ᠶᠢᠨ ᠲᠠᠯᠠᠪᠤᠷ ᠲᠤ ᠸᠢᠰᠠᠯᠠᠬᠤ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ᠂ ᠵᠦᠶ ᠶᠣᠰᠣᠴᠢ ᠴᠢᠨᠠᠷ ᠲᠤ ᠨᠤᠲᠠᠯᠠᠯᠲᠠ ᠬᠢᠬᠦ ᠬᠡᠷᠡᠭᠲᠡᠶ᠃    6. ᠲᠥᠰᠦᠪ ᠤᠨ ᠬᠢᠨᠠᠨ ᠲᠣᠭᠲᠠᠭᠠᠬᠤ ᠬᠢᠵᠠᠭᠠᠷᠯᠠᠯ ᠢ ᠴᠢᠩᠭᠠᠳᠬᠠᠵᠤ᠂ ᠪᠦᠲᠦᠭᠡᠨ ᠪᠠᠶᠢᠭᠤᠯᠬᠤ ︵ᠬᠤᠳᠠᠯᠳᠤᠨ ᠠᠪᠬᠤ︶ ᠨᠢᠭᠡᠴᠡ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠦᠶ᠎ᠡ ᠳᠤ ᠲᠥᠰᠦᠪ ᠤᠨ ᠬᠢᠨᠠᠨ ᠲᠣᠭᠲᠠᠭᠠᠭᠰᠠᠨ ᠰᠠᠨᠠᠯ ᠤᠨ ᠵᠣᠭᠤᠰ ᠤᠨ ᠲᠤᠭ᠎ᠠ᠂ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠳᠠᠩᠰᠠ ᠶᠢᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠲᠥᠰᠦᠪ ᠤᠨ ᠬᠢᠨᠠᠨ ᠲᠣᠭᠲᠠᠭᠠᠬᠤ ᠰᠠᠨᠠᠯ ᠤᠨ ᠬᠦᠴᠦᠨ ᠲᠠᠢ ᠬᠤᠭᠤᠴᠠᠭ᠎ᠠ ᠨᠢ 1 ᠵᠢᠯ ᠪᠣᠯᠤᠨ᠎ᠠ᠃    7. ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠡᠭᠦᠷᠭᠡ ᠬᠠᠷᠢᠭᠤᠴᠠᠯᠭ᠎ᠠ᠄ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠳᠤ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠪᠤᠰᠤᠳᠴᠢ ᠪᠠᠷ᠂ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠡᠮᠦᠨᠡᠬᠢ ᠬᠤᠭᠤᠴᠠᠭᠠᠨ ᠤ ᠠᠵᠢᠯ ᠤᠨ ᠭᠦᠨᠴᠡ ᠶᠢ ᠲᠣᠭᠲᠠᠭᠠᠭᠰᠠᠨ ᠱᠠᠭᠠᠷᠳᠠᠯᠭ᠎ᠠ ᠳᠤ ᠬᠦᠷᠦᠭᠦᠯᠬᠦ ᠶᠢ ᠪᠠᠲᠤᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠪᠠᠷᠢᠯᠭ᠎ᠠ ᠪᠠᠷᠢᠬᠤ ᠵᠢᠷᠤᠭ ᠲᠤ ᠰᠢᠨᠵᠢᠯᠡᠬᠦ ᠤᠬᠠᠭᠠᠨᠴᠢ᠂ ᠨᠠᠷᠢᠯᠢᠭᠵᠢᠭᠤᠯᠤᠭᠰᠠᠨ ᠵᠢᠷᠤᠭ ᠲᠥᠯᠥᠪᠯᠡᠭᠡ ᠶᠢ ᠬᠡᠷᠡᠭᠵᠢᠭᠦᠯᠵᠦ᠂ ᠪᠠᠷᠢᠯᠭ᠎ᠠ ᠪᠠᠷᠢᠬᠤ ᠵᠢᠷᠤᠭ ᠤᠨ ᠲᠥᠰᠥᠪ ᠤᠨ ᠲᠦᠢᠮᠣ ᠲᠥᠰᠦᠪ ᠠᠴᠠ ᠬᠡᠲᠦᠷᠡᠬᠦ ᠶᠢ ᠴᠢᠩᠭ᠎ᠠ ᠴᠠᠭᠠᠵᠠᠯᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号