7 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠡᠳ᠋ ᠤᠨ ᠵᠠᠰᠠᠭ | ᠡᠳ᠋ ᠤᠨ ᠶᠠᠪᠤᠳᠠᠯ ᠤᠨ ᠲᠤᠬᠠᠶᠢᠯᠠᠭᠰᠠᠨ ᠠᠵᠢᠯ ᠵᠢᠴᠢ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ | ᠡᠬᠢᠯᠡᠪᠡ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ | ᠭᠤᠸᠠᠩ ᠡᠬᠢᠯᠡᠬᠦ ᠶᠣᠰᠣᠯᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠡᠳ᠋ ᠤᠨ ᠵᠠᠰᠠᠭ ᠤᠨ | ᠮᠡᠳᠡᠯᠭᠡ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠡᠷᠭᠢᠯᠡᠬᠦ ᠨᠢ ᠰᠠᠯᠠᠭ᠎ᠠ | ᠮᠥᠴᠢᠷ ᠤᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠵᠢᠴᠢ ᠡᠳ᠋ ᠤᠨ ᠶᠠᠪᠤᠳᠠᠯ ᠤᠨ ᠠᠵᠢᠯᠲᠠᠨ ᠤ ᠲᠥᠷᠥ ᠶᠢᠨ | ᠪᠣᠳᠣᠯᠭ᠎ᠠ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠶᠠᠰᠤ ᠴᠢᠨᠠᠷ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠳᠦᠷᠢᠮᠵᠢᠯᠲᠡ᠂ | ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠬᠤ ᠶᠢᠨ ᠲᠥᠯᠥᠭᠡ ᠶᠤᠮ᠃ | ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠰ ᠵᠣᠭᠰᠣᠴᠠ ᠪᠠᠨ ᠳᠡᠭᠡᠭᠰᠢᠯᠡᠭᠦᠯᠵᠦ᠂ ᠪᠣᠯᠪᠠᠰᠤᠷᠠᠭᠤᠯᠤᠯ | ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠶ᠃ ᠠᠷᠭ᠎ᠠ ᠶᠢ ᠡᠷᠬᠢᠮᠯᠡᠵᠦ᠂ | ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠰᠤᠷᠤᠯᠴᠠᠬᠤ ᠰᠡᠳᠬᠢᠬᠦ ᠤᠶᠠᠯᠳᠤᠭᠤᠯᠬᠤ ᠶᠢ | ᠪᠡᠶᠡᠯᠡᠭᠦᠯᠵᠦ᠂ ᠤᠭ ᠶᠣᠰᠣ ᠶᠢ ᠨᠡᠪᠲᠡᠷᠡᠲᠡᠯ᠎ᠡ ᠣᠶᠢᠯᠠᠭᠠᠵᠤ᠂ ᠣᠨᠣᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ | ᠠᠵᠢᠯ ᠤᠨ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠰᠠᠬᠢᠯᠭ᠎ᠠ ᠪᠠᠲᠤ ᠶᠢ ᠴᠢᠩᠳᠠᠯᠠᠵᠤ᠂ ᠰᠠᠶᠢᠨ | ᠰᠠᠶᠢᠬᠠᠨ ᠰᠤᠷᠲᠠᠯ ᠢ ᠪᠠᠷᠢᠮᠲᠠᠯᠠᠨ᠂ ᠰᠤᠷᠤᠯᠴᠠᠬᠤ ᠡᠭᠦᠷᠭᠡ ᠪᠠᠨ ᠬᠢᠨᠠᠮᠠᠭᠠᠶ ᠪᠡᠶᠡᠯᠡᠭᠦᠯᠬᠦ ᠬᠡᠷᠡᠭᠲᠡᠶ︔ | ᠰᠣᠷᠣᠭᠰᠠᠨ ᠢᠶᠠᠨ ᠬᠡᠷᠡᠭᠯᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠳ᠋ ᠤᠨ | ᠶᠠᠪᠤᠳᠠᠯ ᠤᠨ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠪᠠᠬᠢ ᠲᠥᠷᠥ ᠶᠢᠨ | ᠪᠣᠳᠣᠯᠭ᠎ᠠ ᠶᠢᠨ ᠣᠨᠣᠯ ᠪᠠ ᠮᠡᠳᠡᠯᠭᠡ ᠤᠷ᠎ᠠ ᠴᠢᠳᠠᠪᠤᠷᠢ ᠶᠢᠨ ᠰᠠᠭᠤᠷᠢ ᠶᠢ ᠲᠠᠯᠪᠢᠬᠤ ᠬᠡᠷᠡᠭᠲᠡᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ ᠪᠣᠯᠤᠨ᠎ᠠ᠂ | ᠭᠤᠤᠯ ᠪᠣᠯᠪᠠᠰᠤᠷᠠᠭᠤᠯᠤᠯ ᠤᠨ ᠠᠭᠤᠯᠭ᠎ᠠ ᠳᠤ ᠡᠳ᠋ ᠤᠨ ᠵᠠᠰᠠᠭ ᠤᠨ ᠨᠢᠭᠡ ᠴᠣᠭᠴᠠᠵᠢᠭᠰᠠᠨ ᠰᠢᠰᠲ᠋ᠧᠮ ᠤᠨ ᠪᠥᠬᠦ | ᠴᠤᠪᠤᠷᠠᠯ᠂ ᠡᠯᠧᠺᠲᠷᠤᠨ ᠫᠢᠶᠣᠣ ᠪᠠᠷᠢᠮᠲᠠ ᠭᠤᠶᠤᠴᠢᠯᠠᠨ ᠠᠪᠬᠤ ᠲᠤᠬᠠᠶᠢᠯᠠᠭᠰᠠᠨ ᠠᠵᠢᠯ᠂ ᠭᠠᠶᠢᠯᠢ ᠶᠢᠨ ᠪᠤᠰᠤ | ᠣᠷᠣᠯᠭ᠎ᠠ ᠶᠢᠨ ᠰᠢᠰᠲ᠋ᠧᠮ ᠤᠨ ᠴᠤᠪᠤᠷᠠᠯ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠡᠳ᠋ ᠬᠥᠷᠥᠩᠭᠡ ᠶᠢᠨ ᠲᠤᠬᠠᠶᠢᠯᠠᠭᠰᠠᠨ ᠠᠵᠢᠯ ᠵᠢᠴᠢ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭᠠᠨ᠂ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠵᠢᠴᠢ ᠴᠤᠪᠤᠷᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠭᠦᠯᠡᠨ ᠲᠠᠪᠴᠠᠩ ᠤᠨ ᠠᠵᠢᠯᠯᠠᠭᠠᠨ ᠤ ᠴᠤᠪᠤᠷᠠᠯ ᠵᠡᠷᠭᠡ | ᠪᠠᠭᠲᠠᠨ᠎ᠠ᠃ |