︽ᠰᠦᠩᠱᠠᠨ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/5
    ᠨᠢᠭᠡ᠂ ᠠᠵᠢᠯ ᠤᠨ ᠠᠬᠤᠢ ᠪᠠᠶᠢᠳᠠᠯ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠢᠶᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠦᠷᠭᠦᠯᠵᠢᠯᠡᠬᠦ ᠬᠥᠭᠵᠢᠯᠲᠡ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠮᠠᠨ ᠤ ᠲᠤᠭᠤᠷᠢᠭ ᠤᠨ ᠠᠷᠠᠯᠵᠢᠶᠠᠴᠢᠨ ᠤᠷᠢᠬᠤ ᠴᠢᠭᠯᠡᠯ ᠳᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠦᠸᠧᠬᠠᠶ ᠲᠠᠩᠭᠢᠰ ᠪᠣᠯᠤᠨ ᠰᠧᠴᠤᠸᠠᠨ ᠴᠦᠩᠴᠢᠩ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠮᠠᠨ ᠤ ᠲᠤᠭᠤᠷᠢᠭ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠶᠢᠴᠢᠯᠠᠬᠤ ᠴᠢᠬᠤᠯᠠ ᠶᠡᠭᠡ ᠲᠥᠷᠥᠯ ᠵᠦᠢᠯ ᠢ ᠴᠢᠷᠮᠠᠶᠢᠨ ᠣᠷᠣᠭᠤᠯᠤᠨ ᠠᠪᠴᠢᠷᠠᠵᠤ᠂ ᠠᠵᠤ ᠦᠢᠯᠡᠰ ᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ᠂ ᠰᠦᠩᠱᠠᠨ ᠲᠣᠭᠤᠷᠢᠭ ᠤᠨ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠪᠠ ᠭᠤᠤᠯ ᠬᠤᠲᠠ ᠲᠣᠭᠤᠷᠢᠭ ᠤᠨ ᠰᠢᠯᠭᠠᠨ ᠬᠢᠨᠠᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃    ᠬᠤᠶᠠᠷ᠂ ᠭᠤᠣᠯ ᠡᠭᠦᠷᠭᠡ    ︵ᠨᠢᠭᠡ︶ ᠡᠭᠦᠷᠭᠡ ᠶᠢᠨ ᠲᠤᠭ᠎ᠠ ᠬᠡᠮᠵᠢᠶ᠎ᠡ᠃ ᠪᠦᠬᠦ ᠵᠢᠯ ᠳᠤ 150 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠪᠡᠯᠡ ᠮᠦᠩᠭᠦ ᠶᠢ ᠪᠡᠶᠡᠯᠡᠭᠦᠯᠵᠦ᠂ 62 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠪᠡᠯᠡ ᠮᠦᠩᠭᠦ ᠶᠢ ᠪᠤᠲᠠᠲᠠᠶᠢᠵᠢᠭᠤᠯᠤᠨ᠎ᠠ᠃ ᠠᠳᠠᠯᠢ ᠨᠢᠭᠡᠨ ᠲᠥᠷᠥᠯ ᠵᠦᠢᠯ ᠨᠢ ᠰᠠᠯᠠᠭ᠎ᠠ ᠮᠥᠴᠢᠷ᠂ ᠬᠦᠷᠢᠶᠡᠯᠡᠩ ᠲᠣᠭᠤᠷᠢᠭ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠭᠤᠷᠣᠨᠳᠣ ᠳᠠᠪᠬᠤᠷᠳᠠᠭᠤᠯᠵᠤ ᠲᠤᠭ᠎ᠠ ᠪᠣᠳᠣᠬᠤ ᠦᠭᠡᠶ᠃     ︵ᠬᠤᠶᠠᠷ︶ ᠠᠵᠤ ᠦᠢᠯᠡᠰ ᠪᠠ ᠬᠡᠪᠴᠢᠶ᠎ᠡ᠃ ᠮᠠᠨ ᠤ ᠲᠤᠭᠤᠷᠢᠭ ᠤᠨ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠲᠥᠷᠥᠯ ᠵᠦᠢᠯ ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠪᠠᠭᠲᠠᠭᠠᠬᠤ ᠥᠬᠡᠶ︶︔ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠠᠴᠠ ᠳᠡᠭᠡᠭᠰᠢᠬᠢ ᠨᠢᠭᠡᠳᠦᠭᠡᠷ ᠠᠵᠤ ᠦᠢᠯᠡᠰ ᠤᠨ ᠲᠡᠵᠢᠭᠡᠨ ᠦᠷᠡᠵᠢᠭᠦᠯᠬᠦ ᠲᠥᠷᠥᠯ ᠵᠦᠢᠯ︔ 30 ᠬᠥᠮᠦᠨ ᠤ ᠠᠵᠢᠯ ᠤᠯᠭᠤᠯᠲᠠ ᠠᠴᠠ ᠳᠡᠭᠡᠭᠰᠢ ᠪᠤᠶᠤ ᠵᠢᠯ ᠤᠨ ᠭᠠᠶᠢᠯᠢ ᠲᠠᠲᠠᠪᠤᠷᠢ ᠶᠢ 30 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠣᠷᠣᠵᠤ ᠰᠠᠭᠤᠭᠰᠠᠨ ᠲᠣᠭᠠᠴᠢᠯᠠᠭᠰᠠᠨ ᠠᠵᠤ ᠦᠢᠯᠡᠰ ᠤᠨ ᠠᠰᠠᠷ ᠤᠨ ᠲᠥᠷᠥᠯ ᠵᠦᠢᠯ᠃    ᠭᠤᠷᠪᠠ᠂ ᠭᠤᠣᠯ ᠠᠭᠤᠯᠭ᠎ᠠ    ︵ᠨᠢᠭᠡ︶ ᠰᠢᠨ᠎ᠡ ᠡᠨᠧᠷᠭᠢ ᠵᠢᠴᠢ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ᠃    ︵ᠬᠤᠶᠠᠷ︶ ᠲᠥᠬᠦᠭᠡᠷᠦᠮᠵᠢ ᠦᠢᠯᠡᠳᠬᠦ ᠵᠢᠴᠢ ᠣᠶᠤᠨᠴᠢ ᠦᠢᠯᠡᠳᠬᠦ ᠠᠵᠤ ᠦᠢᠯᠡᠰ᠃    ︵ᠭᠤᠷᠪᠠ︶ ᠠᠭᠤᠷᠬᠠᠢ ᠶᠢᠨ ᠦᠢᠯᠡᠰ ᠤᠨ ᠠᠵᠤ ᠠᠬᠤᠶ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ᠃    ︵ᠲᠦᠷᠪᠡ︶ ᠰᠣᠶᠣᠯ ᠵᠢᠭᠤᠯᠴᠢᠯᠠᠯ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ᠃    ︵ᠲᠠᠪᠤ︶ ᠲᠤᠭᠠᠴᠢᠯᠠᠭᠰᠠᠨ ᠠᠵᠤ ᠠᠬᠤᠶ ᠵᠢᠴᠢ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠃    ︵ᠵᠢᠷᠭᠤᠭ᠎ᠠ︶ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠵᠢᠴᠢ ᠲᠤᠰᠬᠠᠶ ᠵᠠᠬ᠎ᠠ ᠳᠡᠯᠭᠡᠭᠦᠷ ᠤᠨ ᠠᠵᠤ ᠦᠢᠯᠡᠰ᠃    ︵ᠳᠤᠯᠤᠭ᠎ᠠ︶ ᠡᠷᠡᠭᠦᠯᠵᠢᠯ ᠨᠠᠰᠤᠵᠢᠯ ᠤᠨ ᠠᠵᠤ ᠦᠢᠯᠡᠰ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号