7 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠨᠢ | ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ | ᠵᠣᠯᠭᠠᠭᠤᠯᠬᠤ ᠶᠠᠷᠢᠯᠴᠠᠬᠤ ᠬᠤᠷᠠᠯ ᠬᠢᠭᠰᠡᠨ ᠪᠥᠭᠡᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠣᠭᠲᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ | ᠲᠣᠪᠴᠢᠶ᠎ᠠ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠹᠧᠩ ᠴᠤᠤ ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠭᠰᠠᠨ | ᠪᠥᠭᠡᠳ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠣᠭᠲᠠᠪᠠ᠃ | ᠵᠦᠩ ᠴᠢᠩ ᠰᠦᠩ ᠵᠠᠩ ᠹᠧᠩ ᠴᠤᠤ ᠨᠡᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ | ᠪᠠᠶᠢᠬᠤ ᠪᠠᠨ ᠢᠯᠡᠳᠬᠡᠬᠦ ᠶᠢᠨ ᠬᠠᠮᠲᠤ ᠰᠦᠩᠱᠠᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠪᠠᠶᠢᠳᠠᠯ ᠢ ᠲᠣᠪᠴᠢ | ᠲᠠᠨᠢᠯᠴᠠᠭᠤᠯᠪᠠ᠃ ᠵᠥᠩ ᠴᠢᠩ ᠰᠥᠩ ᠢᠯᠡᠷᠬᠡᠶᠢᠯᠡᠬᠦ ᠳᠡᠭᠡᠨ᠂ ᠰᠦᠩᠱᠠᠨ ᠲᠣᠭᠤᠷᠢᠭ ᠨᠢ ᠤᠯᠠᠭᠠᠨᠬᠠᠳᠠ | ᠬᠤᠲᠠ ᠶᠢᠨ ᠲᠥᠪ ᠬᠤᠲᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠳᠠᠪᠠᠭᠤᠯᠢᠭ | ᠢᠯᠡᠷᠬᠡᠶ᠂ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠳᠠᠭ᠃ ᠰᠦᠩᠱᠠᠨ ᠲᠣᠭᠤᠷᠢᠭ ᠤᠯᠠᠭᠠᠨᠬᠠᠳᠠ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠲᠤᠭ᠎ᠠ ᠪᠠᠷᠢᠮᠲᠠᠲᠤ ᠭᠦᠢᠯᠭᠡᠭᠡᠨ ᠤ ᠠᠮᠢ ᠠᠬᠤᠶ ᠶᠢᠨ ᠠᠵᠤ ᠦᠢᠯᠡᠰ ᠤᠨ | ᠬᠦᠷᠢᠶᠡᠯᠡᠩ ᠵᠢᠴᠢ ᠢᠵᠢ ᠪᠥᠷᠢᠳᠦᠭᠰᠡᠨ ᠰᠠᠭᠤᠷᠢ ᠲᠥᠬᠦᠭᠡᠷᠦᠮᠵᠢ ᠶᠢᠨ 8 ᠵᠤᠷᠪᠤᠰ ᠵᠡᠭᠡᠯᠢ ᠭᠤᠳᠤᠮᠵᠢ ᠪᠠ ᠵᠠᠮ | ᠬᠠᠷᠢᠯᠴᠠᠭᠠᠨ ᠤ ᠠᠮᠤᠷ ᠲᠦᠪᠰᠢᠨ ᠤ ᠢᠨᠵᠧᠨᠧᠷᠢᠩ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠡᠬᠢᠯᠡᠨ ᠬᠡᠷᠡᠭᠵᠢᠭᠦᠯᠵᠦ᠂ ᠶᠠᠭ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠨᠢᠭᠡ ᠡᠭᠡᠯᠵᠢ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ | ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠲᠣᠪᠴᠢᠶ᠎ᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠨᠢ ᠳᠡᠯᠡᠬᠡᠶ ᠶᠢᠨ 500 ᠬᠦᠴᠦᠷᠬᠡᠭ ᠠᠵᠤ ᠠᠬᠤᠶᠢᠯᠠᠯ ᠤᠨ ᠳᠤᠮᠳᠠᠳᠤ ᠤᠯᠤᠰ ᠤᠨ ᠲᠡᠮᠦᠷ | ᠵᠠᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠥᠬᠦ ᠪᠡᠯᠡᠳᠦ ᠬᠤᠪᠢᠶᠠᠷᠢ ᠺᠣᠮᠫᠠᠨᠢ ᠪᠣᠯᠤᠭᠰᠠᠨ ᠤ | ᠬᠤᠪᠢ ᠳᠤ᠂ ᠡᠯᠪᠡᠭ ᠪᠠᠶᠠᠯᠢᠭ ᠲᠤᠷᠰᠢᠯᠭ᠎ᠠ ᠪᠠ ᠭᠠᠷᠮᠠᠭᠠᠶ ᠠᠮᠵᠢᠯᠲᠠ ᠪᠦᠲᠦᠮᠵᠢ ᠣᠯᠵᠤ᠂ ᠲᠣᠰ ᠤᠳᠠᠭᠠᠨ ᠤ | ᠬᠠᠮᠲᠤᠷᠠᠯᠴᠠᠭ᠎ᠠ ᠨᠢ ᠺᠣᠮᠫᠠᠨᠢ ᠶᠢᠨ ᠬᠥᠭᠵᠢᠯᠲᠡ ᠶᠢᠨ ᠴᠢᠭᠯᠡᠯ᠂ ᠰᠦᠩᠱᠠᠨ ᠲᠣᠭᠤᠷᠢᠭ ᠤᠨ ᠬᠥᠭᠵᠢᠯᠲᠡ ᠶᠢᠨ ᠠᠷᠭ᠎ᠠ | ᠵᠠᠮ ᠯᠤᠭ᠎ᠠ ᠳᠡᠭᠡᠳᠦ ᠬᠡᠮᠵᠢᠶ᠎ᠡ ᠪᠠᠷ ᠨᠡᠶᠢᠴᠡᠵᠦ᠂ ᠠᠯᠤᠰ ᠬᠡᠲᠦ ᠶᠢᠨ ᠲᠥᠯᠥᠪ᠂ ᠢᠷᠡᠭᠡᠳᠦᠶ ᠶᠢᠨ ᠪᠣᠯᠤᠮᠵᠢ ᠥᠷᠭᠡᠨ | ᠠᠭᠤᠳᠠᠮ ᠶᠤᠮ᠃ ᠺᠣᠮᠫᠠᠨᠢ ᠨᠢ ᠰᠦᠩᠱᠠᠨ ᠲᠣᠭᠤᠷᠢᠭ ᠲᠠᠢ ᠬᠠᠮᠲᠤᠪᠠᠷ ᠬᠦᠴᠦ ᠣᠷᠣᠭᠤᠯᠵᠤ᠂ ᠠᠵᠢᠯ ᠤᠨ | ᠲᠤᠰᠬᠠᠶ ᠠᠩᠭᠢ ᠪᠠᠶᠢᠭᠤᠯᠤᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠲᠤᠰᠬᠠᠶ ᠮᠡᠷᠭᠡᠵᠢᠯ ᠤᠨ ᠪᠦᠯᠬᠦᠮ ᠢ | ᠠᠯᠢ ᠲᠦᠷᠭᠡᠨ ᠢᠶᠠᠷ ᠵᠣᠬᠢᠶᠠᠨ ᠪᠠᠶᠢᠭᠤᠯᠵᠤ᠂ ᠲᠥᠷᠥᠯ ᠵᠦᠢᠯ ᠢ ᠠᠯᠬᠤᠮ ᠬᠤᠪᠢᠶᠠᠨ ᠬᠡᠷᠡᠭᠵᠢᠭᠦᠯᠬᠦ ᠠᠬᠢᠴᠠ ᠶᠢ | ᠲᠦᠷᠭᠡᠳᠬᠡᠬᠦ ᠶᠢ ᠬᠦᠰᠡᠵᠦ ᠪᠠᠶᠢᠨ᠎ᠠ ᠭᠡᠪᠡ᠃ ᠡᠭᠦᠨ ᠤ ᠬᠠᠮᠲᠤ᠂ ᠰᠤᠳᠤᠯᠤᠨ ᠨᠤᠲᠠᠯᠠᠬᠤ ᠶᠢ ᠭᠦᠨᠵᠡᠭᠡᠢ | ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠯᠬᠤᠴᠠ ᠪᠠᠨ ᠲᠦᠷᠭᠡᠳᠬᠡᠵᠦ᠂ ᠬᠠᠮᠲᠤᠷᠠᠯᠴᠠᠨ | ᠡᠷᠲᠡᠬᠡᠨ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ | ᠬᠠᠮᠲᠤᠪᠠᠷ ᠠᠰᠢᠭ ᠬᠦᠷᠳᠡᠬᠦ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠬᠦᠰᠡᠪᠡ᠃ | ᠵᠠᠩ ᠹᠧᠩ ᠴᠤᠤ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠲᠣᠪᠴᠢᠶ᠎ᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠪᠣᠷᠣ ᠲᠥᠯᠥᠪ ᠤᠨ ᠬᠡᠯᠡᠯᠴᠡᠭᠡᠷ ᠢ ᠦᠨᠳᠦᠰᠦᠯᠡᠨ ᠠᠮᠠᠯᠠᠯᠲᠠ ᠪᠠᠨ ᠢᠳᠡᠪᠬᠢᠲᠡᠢ | ᠭᠦᠢᠴᠡᠳᠬᠡᠵᠦ᠂ ᠰᠦᠩᠱᠠᠨ ᠲᠣᠭᠤᠷᠢᠭ ᠲᠠᠢ ᠨᠢᠭᠲᠠ ᠬᠠᠮᠲᠤᠷᠠᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠭᠠᠷ | ᠬᠤᠯᠪᠣᠨ ᠬᠠᠮᠲᠤᠪᠠᠷ ᠤᠷᠤᠭᠰᠢᠯᠠᠬᠤ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠪᠡ᠃ | ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠬᠤᠲᠠ ᠶᠢᠨ ᠳᠡᠭᠡᠳᠦ ᠲᠠᠰ ᠤᠨ ᠦᠢᠯᠡᠳᠬᠦ ᠲᠥᠪᠯᠡᠷᠡᠭᠰᠡᠨ ᠲᠣᠭᠤᠷᠢᠭ᠂ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠪᠢᠴᠢᠯ ᠲᠥᠪ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠬᠠᠷᠠᠯᠲᠠᠲᠤ ᠭᠠᠵᠠᠷ | ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠥᠬᠦ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ | ᠣᠷᠣᠨ ᠨᠤᠲᠤᠭ ᠤᠨ ᠠᠵᠤ ᠠᠬᠤᠶ ᠨᠡᠶᠢᠭᠡᠮ ᠪᠠ ᠲᠥᠪ ᠤᠨ ᠠᠵᠤ ᠠᠬᠤᠶᠢᠯᠠᠯ ᠤᠨ ᠬᠠᠮᠲᠤ ᠶᠢᠨ ᠬᠥᠭᠵᠢᠯᠲᠡ ᠶᠢ | ᠪᠡᠶᠡᠯᠡᠭᠦᠯᠬᠦ ᠶᠢᠨ ᠲᠥᠯᠥᠭᠡ᠂ ᠬᠤᠶᠠᠷ ᠲᠠᠯ᠎ᠠ ᠪᠠᠷ ᠢᠶᠠᠨ ᠰᠦᠩᠱᠠᠨ ᠲᠣᠭᠤᠷᠢᠭ ᠤᠨ ᠣᠷᠣᠨ ᠨᠤᠲᠤᠭ ᠤᠨ ᠵᠠᠮ | ᠬᠠᠷᠢᠯᠴᠠᠭ᠎ᠠ᠂ ᠬᠤᠲᠠ ᠶᠢᠨ ᠶᠠᠪᠤᠳᠠᠯ᠂ ᠤᠰᠤᠨ ᠠᠰᠢᠭᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠪᠠ ᠣᠯᠠᠨ ᠨᠡᠶᠢᠲᠡ ᠶᠢᠨ ᠦᠢᠯᠡᠴᠢᠯᠡᠭᠡ ᠵᠡᠷᠭᠡ | ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠵᠢᠴᠢ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠵᠡᠷᠭᠡ | ᠲᠥᠷᠥᠯ ᠵᠦᠢᠯ ᠤᠨ ᠲᠣᠭᠤᠷᠢᠨ ᠳᠤ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠱᠢ ᠴᠤᠤ᠂ ᠯᠢ ᡁᠢ ᠭᠦᠸᠧ ᠶᠠᠷᠢᠯᠴᠠᠬᠤ | ᠬᠤᠷᠠᠯ ᠳᠤ ᠣᠷᠣᠯᠴᠠᠪᠠ᠃ |