7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ 2024 ᠣᠨ ᠤ ᠰᠦᠩᠱᠠᠨ ᠲᠣᠭᠤᠷᠢᠭ ᠤᠨ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ︵ᠥᠷᠭᠡᠳᠬᠡᠭᠰᠡᠨ︶ ᠤᠨ ᠠᠵᠢᠯ ᠤᠨ ᠬᠤᠷᠠᠯ | ᠬᠤᠷᠠᠯᠳᠤᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠵᠥᠪᠯᠡᠯ ᠤᠨ ᠳᠡᠳ᠋ ᠡᠷᠬᠢᠯᠡᠭᠴᠢ ᠯᠢ ᡁᠢ ᠭᠦᠸᠧ ᠬᠤᠷᠠᠯ ᠳᠤ ᠣᠷᠣᠯᠴᠠᠪᠠ᠃ | ᠬᠤᠷᠠᠯ ᠠᠴᠠ ᠪᠥᠬᠦ ᠲᠣᠭᠤᠷᠢᠭ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠵᠠᠷᠯᠠᠨ | ᠮᠡᠳᠡᠭᠳᠡᠵᠦ᠂ ︽ᠪᠥᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ | ᠬᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠶ ᠮᠡᠳᠡᠭᠳᠡᠯ︾ ᠢ ᠲᠠᠶᠢᠯᠤᠮᠵᠢ ᠬᠢᠵᠦ᠂ ᠪᠥᠬᠦ ᠲᠣᠭᠤᠷᠢᠭ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ | ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠨᠤᠭᠤᠳ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠳᠠᠯᠭ᠎ᠠ ᠲᠠᠢ ᠭᠤᠭᠴᠤᠭ᠎ᠠ᠂ | ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠢ | ᠴᠢᠩᠭ᠎ᠠ ᠠᠳᠬᠤᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ ᠲᠦᠷᠢᠮ ᠲᠣᠭᠲᠠᠭᠠᠯ ᠲᠣᠭᠲᠠᠭᠠᠵᠤ᠂ ︽ᠶᠠᠪᠤᠴᠠ ᠪᠠᠷ ᠠᠵᠢᠯ ᠬᠢᠵᠦ᠂ ᠲᠦᠷᠢᠮ ᠢᠶᠠᠷ ᠬᠥᠮᠦᠨ ᠢ | ᠬᠠᠮᠢᠶᠠᠷᠬᠤ︾ ᠶᠢ ᠪᠠᠲᠤᠯᠠᠵᠤ᠂ ᠪᠥᠬᠦ ᠲᠣᠭᠤᠷᠢᠭ ᠤᠨ ᠰᠤᠷᠭᠠᠭᠤᠯᠢ ᠶᠢᠨ ᠬᠤᠭᠤᠯᠠᠨ ᠬᠡᠷ ᠤᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠨᠠᠩ ᠲᠡᠭᠦᠯᠳᠡᠷᠵᠢᠭᠦᠯᠵᠦ᠂ ᠡᠵᠡᠩᠨᠡᠯᠲᠡ ᠶᠢᠨ ᠡᠮᠬᠢ ᠵᠢᠷᠤᠮ ᠢ ᠨᠠᠩ ᠵᠢᠷᠤᠮᠵᠢᠭᠤᠯᠬᠤ | ᠬᠡᠷᠡᠭᠲᠡᠶ᠃ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠵᠢᠯᠴᠠᠬᠤ ᠵᠢᠴᠢ ᠬᠠᠷᠢᠶ᠎ᠠ | ᠭᠠᠵᠠᠷ ᠤᠨ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ | ᠬᠠᠯᠬᠠᠪᠴᠢ ᠶᠢ ᠬᠠᠮᠲᠤᠪᠠᠷ ᠪᠠᠶᠢᠭᠤᠯᠵᠤ᠂ ᠪᠥᠬᠦ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ |