︽ᠤᠯᠠᠭᠠᠨᠬᠠᠳᠠ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ︵2024 ᠬᠡᠪᠯᠡᠯ︶︾ ᠢ ᠳᠠᠮᠵᠢᠭᠤᠯᠤᠨ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/1
    2024 ᠣᠨ ᠤ 2 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠠᠤᠯᠢ ᠨᠡᠶᠢᠳᠡᠮ ﹇2020﹈ 21 ᠳ᠋ᠦ᠋ᠭᠡᠷ ᠲᠣᠭᠠᠲᠤ︶ ᠢ ᠲᠣᠭᠲᠠᠭᠠᠵᠤ᠂ ᠤᠤᠯ ᠤᠨ ᠲᠠᠷᠬᠠᠭᠠᠭᠰᠠᠨ ︽︿ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ︾ ︵ᠥᠪᠥᠷ ᠨᠠᠮ ᠠᠯᠪᠠᠨ ᠲᠠᠷᠬᠠᠭᠠᠭᠰᠠᠨ ﹇2019﹈ 22 ᠳ᠋ᠤᠭᠠᠷ ᠲᠣᠭᠠᠲᠤ ᠳᠠᠭᠠᠯᠳᠤᠭᠤᠯᠤᠯ︶ ᠳᠤ ᠲᠣᠬᠢᠷᠠᠭᠤᠯᠤᠯᠲᠠ ᠬᠢᠵᠦ᠂ ᠡᠷᠬᠡ ᠣᠯᠭᠤᠭᠰᠠᠨ ᠰᠢᠶᠠᠩ ᠪᠠᠯᠭᠠᠰᠤ ᠶᠢᠨ ᠵᠦᠢᠯᠡᠰ ᠤᠨ ᠨᠠᠷᠢᠨ ᠬᠠᠭᠤᠳᠠᠰᠤ ᠳᠤ ᠨᠡᠯᠢᠶᠡᠳ ᠶᠡᠭᠡ ᠬᠤᠪᠢᠷᠠᠯᠲᠠ ᠭᠠᠷᠭᠠᠪᠠ᠃ ᠤᠯᠠᠭᠠᠨᠬᠠᠳᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ︽ᠤᠯᠠᠭᠠᠨᠬᠠᠳᠠ ᠬᠤᠲᠠ ᠶᠢᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ︵2024 ᠬᠡᠪᠯᠡᠯ︶︾ ᠢ ᠲᠣᠭᠲᠠᠭᠠᠪᠠ᠃    ᠥᠪᠡᠷᠲᠡᠭᠡᠨ ᠵᠠᠰᠠᠬᠤ ᠣᠷᠣᠨ ᠤ ᠡᠷᠬᠡ ᠣᠯᠭᠤᠭᠰᠠᠨ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠬᠠᠮᠢᠶ᠎ᠠ ᠪᠥᠬᠦᠶ ᠠᠵᠢᠯ ᠢ ᠨᠠᠩ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠣᠯᠭᠤᠬᠤ ᠵᠦᠢᠯᠡᠰ ᠢ ᠨᠠᠷᠢᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯ ᠳᠤ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ︽ᠵᠢᠯᠣᠭᠤᠳᠬᠤ ᠭᠠᠷᠴᠠᠭ︾ ᠲᠠᠢ ᠬᠠᠷᠭᠤᠭᠤᠯᠬᠤ ᠶᠢᠨ ᠬᠠᠮᠲᠤ ᠰᠦᠩᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠢᠬᠤᠯᠠ ᠰᠢᠢᠳᠪᠦᠷᠢᠯᠡᠬᠦ ᠨᠥᠬᠦᠴᠡᠯ ᠤᠨ ᠲᠠᠯ᠎ᠠ ᠠᠴᠠ ᠪᠠᠯᠭᠠᠰᠤ ᠰᠢᠶᠠᠩ ᠳᠤ ᠳᠠᠭᠠᠭᠠᠨ ᠭᠦᠢᠴᠡᠳᠬᠡᠬᠦ ᠴᠢᠳᠠᠪᠤᠷᠢ ᠲᠠᠢ ᠡᠰᠡᠬᠦ᠂ ᠠᠵᠢᠯᠯᠠᠬᠤ ᠶᠠᠪᠤᠴᠠ ᠶᠢᠨ ᠲᠠᠯ᠎ᠠ ᠠᠴᠠ ᠬᠡᠷᠡᠭᠵᠢᠭᠦᠯᠵᠦ ᠪᠣᠯᠬᠤᠶᠢᠴᠠ ᠴᠢᠨᠠᠷ ᠪᠠᠶᠢᠬᠤ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠭᠦᠢᠴᠡᠳ ᠨᠤᠲᠠᠯᠠᠯᠲᠠ ᠬᠢᠵᠦ᠂ ᠡᠴᠦᠰ ᠲᠤ ᠥᠪᠡᠷᠲᠡᠭᠡᠨ ᠵᠠᠰᠠᠬᠤ ᠣᠷᠣᠨ ᠤ ᠡᠷᠬᠡ ᠣᠯᠭᠤᠭᠰᠠᠨ ᠰᠢᠶᠠᠩ ᠪᠠᠯᠭᠠᠰᠤᠨ ᠤ 56 ᠵᠦᠢᠯ ᠤᠨ ᠬᠠᠤᠯᠢ ᠬᠡᠷᠡᠭᠵᠢᠭᠦᠯᠬᠦ ᠵᠦᠢᠯᠡᠰ ᠤᠨ ᠰᠠᠭᠤᠷᠢᠨ ᠳᠡᠭᠡᠷ᠎ᠡ᠂ ᠦᠨᠳᠦᠰᠦᠨ ᠨᠤᠲᠤᠭ ᠪᠡᠯᠴᠢᠭᠡᠷ ᠦᠭᠡᠢ ᠭᠠᠵᠠᠷ ᠣᠷᠣᠨ ᠪᠠ ᠬᠥᠳᠡᠭᠡ ᠲᠣᠰᠬᠤᠨ ᠳᠤ ᠬᠤᠯᠪᠣᠭᠳᠠᠬᠤ ᠥᠬᠡᠶ ᠬᠤᠲᠠ ᠶᠢᠨ ᠳᠣᠲᠣᠷᠠᠬᠢ ᠬᠡᠷ ᠤᠨ ᠵᠢᠭᠦᠷᠲᠡᠨ ᠬᠡᠷ ᠤᠨ ᠲᠡᠵᠢᠭᠡᠪᠦᠷᠢ ᠶᠢᠨ ᠵᠦᠢᠯᠡᠰ ᠲᠤ ᠬᠠᠨᠳᠤᠯᠭᠠᠲᠤ ᠴᠢᠨᠠᠷᠲᠠᠶ ᠲᠣᠬᠢᠷᠠᠭᠤᠯᠤᠯᠲᠠ ᠬᠢᠵᠦ᠂ ᠮᠠᠨ ᠤ ᠲᠣᠭᠤᠷᠢᠭ ᠤᠨ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ︽ᠨᠢᠭᠡ ᠰᠢᠶᠠᠩ ᠪᠠᠯᠭᠠᠰᠤ ᠨᠢᠭᠡ ᠨᠠᠷᠢᠨ ᠲᠠᠩᠰᠠ︾ ᠶᠢ ᠲᠣᠭᠲᠠᠭᠠᠪᠠ᠃    ᠵᠠᠯᠭᠠᠭᠠᠳ᠂ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠬᠤ ᠵᠦᠢᠯᠡᠰ ᠢ ᠦᠷᠭᠦᠯᠵᠢᠯᠡᠨ ᠳᠠᠭᠠᠵᠤ᠂ ᠡᠷᠬᠡ ᠣᠯᠭᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠬᠡ ᠣᠯᠭᠤᠬᠤ ᠵᠦᠢᠯᠡᠰ ᠤᠨ ᠬᠠᠤᠯᠢ ᠬᠡᠷᠡᠭᠵᠢᠭᠦᠯᠦᠭᠰᠡᠨ ᠪᠠᠶᠢᠳᠠᠯ᠂ ᠳᠠᠭᠠᠭᠠᠨ ᠠᠪᠬᠤ ᠴᠢᠳᠠᠪᠤᠷᠢ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠲᠠᠯ᠎ᠠ ᠳᠤ ᠴᠢᠭᠯᠡᠭᠦᠯᠦᠨ ᠰᠤᠳᠤᠯᠤᠨ ᠮᠠᠭᠠᠳᠯᠠᠵᠤ ᠵᠠᠳᠠᠯᠤᠯᠲᠠ ᠬᠢᠬᠦ ᠶᠢᠨ ᠬᠠᠮᠲᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠵᠢᠴᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠡᠷᠬᠡ ᠣᠯᠭᠤᠬᠤ ᠵᠦᠢᠯᠡᠰ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠠᠵᠢᠯ ᠢ ᠢᠳᠡᠪᠬᠢᠲᠡᠶ ᠰᠠᠶᠢᠲᠤᠷ ᠬᠢᠬᠦ ᠪᠣᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号