7 ᠰᠠᠷ᠎ᠠ ᠶᠢᠨ 28 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ ᠬᠤᠲᠠ ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ | ᠪᠠ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ | ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠳᠡᠳ᠋ ᠳᠠᠷᠤᠭ᠎ᠠ ᠯᠢ ᡁᠢ ᠭᠦᠸᠧ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠵᠦᠩ ᠴᠢᠩ ᠰᠦᠩ ᠨᠠᠷ ᠤᠷᠢᠳ ᠬᠤᠵᠢᠳ ᠰᠦᠩᠱᠠᠨ ᠤ ᠬᠤᠷᠢᠨ ᠨᠠᠢᠮᠠᠳᠤᠭᠠᠷ ᠪᠠᠭ᠎ᠠ ᠰᠤᠷᠭᠠᠭᠤᠯᠢ᠂ | ᠠᠷᠪᠠᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠭᠤᠴᠢᠨ ᠳᠥᠷᠪᠡᠳᠦᠭᠡᠷ ᠬᠡᠤᠬᠡᠳ ᠤᠨ ᠴᠡᠴᠡᠷᠯᠢᠭ ᠵᠢᠴᠢ | ᠰᠦᠩᠱᠠᠨ ᠤ ᠠᠷᠪᠠᠨ ᠳᠣᠯᠣᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠶᠢᠰᠦᠳᠦᠭᠡᠷ | ᠳᠤᠮᠳᠠᠳᠤ ᠰᠤᠷᠭᠠᠭᠤᠯᠢ ᠵᠡᠷᠭᠡ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ | ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠡ᠂ | ᠰᠤᠷᠭᠠᠭᠤᠯᠢ ᠡᠷᠬᠢᠯᠡᠬᠦ ᠣᠷᠴᠢᠨ ᠲᠣᠭᠤᠷᠢᠨ᠂ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠨ ᠬᠥᠮᠦᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃ | ᠵᠦᠩ ᠴᠢᠩ ᠰᠦᠩ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠤᠨ ᠦᠢᠯᠡᠰ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠃ ᠪᠠᠶᠢᠴᠠᠭᠠᠨ | ᠰᠤᠳᠤᠯᠵᠤ ᠵᠠᠳᠠᠯᠤᠯᠲᠠ ᠬᠢᠬᠦ ᠶᠢ ᠭᠦᠢᠴᠡᠳ ᠰᠠᠶᠢᠲᠤᠷ ᠬᠢᠵᠦ᠂ ᠬᠤᠳᠠ ᠶᠢᠨ ᠬᠥᠭᠵᠢᠯᠲᠡ ᠪᠣᠯᠤᠨ ᠬᠥᠮᠦᠨ | ᠠᠮᠠ ᠶᠢᠨ ᠨᠢᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠣᠷᠣᠨ ᠪᠦᠰᠡ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠬᠥᠮᠦᠨ ᠠᠮᠠ ᠶᠢᠨ ᠬᠤᠪᠢᠷᠠᠯᠲᠠ ᠲᠠᠢ | ᠵᠣᠬᠢᠴᠠᠭᠰᠠᠨ ᠦᠨᠳᠦᠰᠦᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠰᠤᠷᠭᠠᠭᠤᠯᠢ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠣᠯᠠᠨ ᠲᠠᠯ᠎ᠠ ᠪᠠᠷ | ᠪᠠᠯᠠ ᠮᠥᠩᠭᠦ ᠴᠤᠭᠯᠠᠭᠤᠯᠵᠤ᠂ ᠳᠡᠮᠵᠢᠯᠭᠡ ᠣᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠠᠮᠤᠷ | ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ | ᠠᠩᠬᠠᠷᠴᠤ᠂ ᠰᠣᠳᠣᠨ ᠪᠦᠲᠦᠭᠡᠯ ᠤᠨ ᠤᠬᠠᠮᠰᠠᠷ ᠢ ᠴᠢᠩᠭᠠᠳᠬᠠᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ | ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠡᠷᠭᠡ ᠪᠠᠷ ᠠᠬᠢᠭᠤᠯᠵᠤ᠂ | ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠨᠡ ᠬᠦ ᠵᠠᠩᠭᠢᠯᠠᠭ᠎ᠠ ᠶᠢᠨ ᠴᠡᠭ ᠢ ᠡᠵᠡᠮᠳᠡᠵᠦ᠂ ᠲᠥᠬᠦᠭᠡᠷᠦᠮᠵᠢ ᠶᠢ | ᠢᠵᠢ ᠪᠦᠷᠢᠳᠦᠭᠦᠯᠬᠦ᠂ ᠪᠠᠭᠰᠢ ᠶᠢ ᠲᠤᠬᠢᠷᠠᠭᠤᠯᠬᠤ᠂ ᠰᠤᠷᠭᠠᠭᠤᠯᠢ ᠶᠢ ᠬᠠᠮᠢᠶᠠᠷᠬᠤ ᠵᠡᠷᠭᠡ ᠡᠯ᠎ᠡ ᠵᠦᠢᠯ ᠤᠨ ᠠᠵᠢᠯ ᠢ | ᠵᠡᠷᠭᠡᠪᠡᠷ ᠰᠠᠶᠢᠲᠤᠷ ᠬᠢᠵᠦ᠂ ᠰᠤᠷᠭᠠᠭᠤᠯᠢ ᠶᠢ ᠰᠠᠶᠢᠲᠤᠷ ᠪᠠᠶᠢᠭᠤᠯᠬᠤ ᠪᠠᠷ ᠪᠠᠷᠠᠬᠤ ᠦᠭᠡᠢ ᠪᠠᠰᠠ ᠰᠠᠶᠢᠲᠤᠷ | ᠬᠠᠮᠢᠶᠠᠷᠴᠤ᠂ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ |