ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠣᠶᠣᠯ ᠢᠷᠭᠡᠨᠰᠢᠯ ᠤᠨ ᠳᠡᠭᠡᠳᠦ ᠰᠤᠷᠭᠠᠭᠤᠯᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/8/1
    7 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠣᠶᠣᠯ ᠢᠷᠭᠡᠨᠰᠢᠯ ᠤᠨ ᠳᠡᠭᠡᠳᠦ ᠰᠤᠷᠭᠠᠭᠤᠯᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠂ ᠡᠨᠡ ᠨᠢ ᠰᠦᠩᠱᠠᠨ ᠲᠣᠭᠤᠷᠢᠭ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠠᠮᠲᠤᠷᠠᠯᠴᠠᠭ᠎ᠠ ᠴᠢᠬᠤᠯᠠ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ ᠭᠤᠸᠠᠩ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠭᠰᠡᠨ ᠪᠥᠭᠡᠳ ᠰᠦᠩᠱᠠᠨ ᠲᠣᠭᠤᠷᠢᠭ ᠤᠨ ᠬᠢᠨ ᠵᠠᠰᠠᠭ ᠰᠤᠷᠭᠠᠭᠤᠯᠢ ᠶᠢᠨ ᠬᠠᠮᠲᠤᠷᠠᠯᠴᠠᠭᠠᠨ ᠤ ᠬᠠᠷᠢᠭᠤᠴᠠᠯᠭ᠎ᠠ ᠪᠣᠯᠤᠨ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠥᠪᠯᠡᠯᠴᠡᠭᠡᠷ ᠤᠨ ᠠᠭᠤᠯᠭ᠎ᠠ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠬᠡᠪᠡ᠃ ᠤᠯᠤᠰ ᠲᠦᠷᠦ ᠪᠠ ᠰᠤᠷᠭᠠᠭᠤᠯᠢ ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠨᠡᠩ ᠭᠦᠨ ᠳᠠᠪᠬᠤᠷᠭ᠎ᠠ ᠶᠢᠨ ᠨᠡᠩ ᠤᠯᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠬᠠᠮᠲᠤᠪᠠᠷ ᠠᠰᠢᠭ ᠬᠦᠷᠳᠡᠵᠤ ᠬᠠᠮᠲᠤᠪᠠᠷ ᠤᠷᠤᠭᠰᠢᠯᠠᠬᠤ᠂ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠠᠨ ᠶᠦᠩ ᠶᠣᠰᠣᠯᠠᠯ ᠳᠡᠭᠡᠷ᠎ᠡ ᠴᠢᠬᠤᠯᠠᠴᠢᠯᠠᠭᠰᠠᠨ ᠨᠢ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠤᠳ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ ᠤ ︽ᠦᠨᠳᠦᠰᠦᠨ ᠱᠠᠲᠤᠨ ᠤ ᠵᠠᠰᠠᠯᠲᠠ︾ ᠶᠢᠨ ᠲᠤᠬᠠᠢ ᠭᠦᠨᠵᠡᠭᠡᠢ ᠲᠠᠶᠢᠯᠤᠮᠵᠢ ᠶᠢ ᠨᠠᠷᠢᠨ ᠬᠢᠨᠠᠮᠠᠭᠠᠢ ᠣᠶᠢᠯᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠤᠨᠤᠯ ᠤᠨ ᠰᠤᠳᠤᠯᠭᠠᠨ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ᠂ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号