7 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ | ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ | ᠳᠡᠭᠡᠳᠦ ᠰᠤᠷᠭᠠᠭᠤᠯᠢ ᠵᠠᠰᠠᠭ ᠪᠠ ᠰᠤᠷᠭᠠᠭᠤᠯᠢ ᠶᠢᠨ ᠠᠭᠤᠰᠤᠯᠴᠠᠯ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠲᠤᠬᠠᠶ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᡁᠢ ᠭᠤᠸᠠᠩ ᠭᠠᠷ ᠤᠨ | ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠬᠠᠷᠢᠭᠤᠴᠠᠯᠭᠠᠲᠠᠨ ᠠᠴᠠ | ᠢᠯᠡᠷᠬᠡᠶᠢᠯᠡᠭᠰᠡᠨ ᠨᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ | ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠪᠠ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠡᠭᠡᠳᠦ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠬᠤᠪᠢᠷᠠᠭᠤᠯᠬᠤ᠂ ᠵᠢᠭᠠᠨ ᠰᠤᠷᠭᠠᠯᠲᠠ ᠶᠢᠨ ᠳᠠᠳᠤᠯᠭ᠎ᠠ ᠬᠢᠬᠦ | ᠵᠡᠷᠭᠡ ᠶᠢ ᠥᠷᠨᠢᠭᠦᠯᠬᠦ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠲᠥᠬᠦᠮ ᠨᠥᠬᠦᠴᠡᠯ ᠬᠠᠩᠭᠠᠨ᠎ᠠ᠃ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ | ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠢᠶᠠᠨ ᠴᠧᠩ ᠢᠯᠡᠷᠬᠡᠶᠢᠯᠡᠬᠦ ᠳᠡᠭᠡᠨ᠄ ︽ᠬᠤᠶᠠᠷ ᠲᠠᠯ᠎ᠠ ᠪᠠᠷ ᠢᠶᠠᠨ | ᠨᠠᠩ ᠥᠷᠭᠡᠨ ᠠᠭᠤᠳᠠᠮ ᠬᠦᠷᠢᠶ᠎ᠡ ᠴᠠᠷᠠᠭ᠎ᠠ᠂ ᠨᠠᠩ ᠥᠨᠳᠥᠷ ᠲᠠᠰ ᠳᠠᠪᠬᠤᠷᠭ᠎ᠠ ᠶᠢᠨ ᠬᠦᠷᠢᠶ᠎ᠡ ᠬᠡᠪᠴᠢᠶ᠎ᠡ᠂ ᠨᠠᠩ | ᠣᠯᠠᠨ ᠣᠷᠣᠨ ᠵᠠᠶ ᠠᠴᠠ ᠨᠠᠩ ᠦᠷᠭᠦᠯᠵᠢᠯᠡᠬᠦ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ ᠬᠤᠶᠠᠷ ᠲᠠᠯ᠎ᠠ ᠪᠠᠷ ᠢᠶᠠᠨ | ᠳᠠᠪᠠᠭᠤ ᠲᠠᠯ᠎ᠠ ᠪᠠᠨ ᠬᠠᠷᠢᠯᠴᠠᠨ ᠨᠥᠬᠦᠪᠥᠷᠢᠯᠡᠵᠦ᠂ ᠥᠪᠡᠷ ᠥᠪᠡᠷ ᠤᠨ ᠣᠷᠣᠨ ᠪᠠᠶᠢᠷᠢ ᠪᠠᠨ ᠣᠯᠤᠨ᠎ᠠ ᠭᠡᠳᠡᠭ ᠢ | ᠢᠲᠡᠭᠡᠵᠦ ᠪᠠᠶᠢᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ | ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠤ ᠠᠪᠴᠤ ᠦᠵᠡᠪᠡᠯ᠂ ᠪᠠᠭᠰᠢ ᠶᠢᠨ ᠡᠷᠳᠡᠮ ᠰᠢᠨᠵᠢᠯᠡᠭᠡᠨ ᠪᠠ | ᠰᠤᠷᠤᠭᠴᠢᠳ ᠤᠨ ᠦᠢᠯᠡᠳᠦᠯᠭᠡ ᠶᠢᠨ ᠵᠢᠭᠠᠨ ᠰᠤᠷᠭᠠᠯᠲᠠ ᠳᠤ ᠨᠡᠩ ᠰᠠᠶᠢᠨ ᠨᠡᠩ ᠰᠢᠯᠢᠳᠡᠭ ᠣᠷᠣᠨ ᠪᠠᠶᠢᠷᠢ | ᠬᠠᠩᠭᠠᠵᠤ ᠴᠢᠳᠠᠨ᠎ᠠ᠃ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠪᠠ ᠲᠤᠬᠠᠶ ᠶᠢᠨ ᠭᠠᠵᠠᠷ ᠤᠨ ᠠᠵᠤ | ᠠᠬᠤᠶ ᠶᠢᠨ ᠬᠥᠭᠵᠢᠯᠲᠡ ᠳᠤ ᠠᠪᠴᠤ ᠬᠡᠯᠡᠪᠡᠯ᠂ ᠮᠠᠨ ᠤ ᠪᠠᠭᠰᠢ ᠶᠢᠨ ᠰᠠᠨᠠᠯ ᠵᠥᠪᠯᠡᠯᠭᠡ ᠠᠷᠭ᠎ᠠ ᠤᠬᠠᠭᠠᠨ ᠭᠠᠷᠭᠠᠬᠤ | ᠪᠠ ᠰᠤᠷᠤᠭᠴᠢᠳ ᠤᠨ ᠭᠤᠷᠪᠠᠳᠠᠬᠢ ᠡᠲᠡᠭᠡᠳ ᠤᠨ ᠬᠠᠷᠠᠴᠠ ᠨᠢ ᠲᠤᠬᠠᠶ ᠶᠢᠨ ᠭᠠᠵᠠᠷ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠨᠠᠩ ᠣᠯᠠᠨ ᠰᠡᠳᠬᠢᠴᠡ᠂ ᠨᠠᠩ ᠰᠢᠨ᠎ᠡ ᠦᠵᠡᠯᠲᠡ ᠪᠠ ᠨᠠᠩ ᠰᠠᠶᠢᠨ ᠠᠷᠭ᠎ᠠ | ᠬᠠᠩᠭᠠᠵᠤ ᠴᠢᠳᠠᠬᠤ ᠪᠤᠯᠤᠨ᠎ᠠ︾ ᠭᠡᠪᠡ᠃ |