ᠰᠦᠩᠱᠠᠨ ᠲᠣᠭᠤᠷᠢᠭ ᠤᠨ 31 ᠳ᠋ᠤᠭᠡᠷ ᠬᠤᠭᠤᠴᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/8/1
    7 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ 31 ᠳ᠋ᠤᠭᠡᠷ ᠬᠤᠭᠤᠴᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠱᠢ ᠴᠤᠤ ᠲᠡᠭᠦᠰᠬᠦ ᠶᠣᠰᠣᠯᠠᠯ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃    ᠲᠣᠰ ᠤᠳᠠᠭᠠᠨ ᠤ ᠤᠷᠤᠯᠳᠤᠭᠠᠨ ᠳᠤ ᠨᠡᠶᠢᠲᠡ 55 ᠠᠩᠭᠢ᠂ 600 ᠭᠠᠷᠤᠶ ᠲᠠᠮᠢᠷᠴᠢᠨ ᠤᠷᠤᠯᠴᠠᠪᠠ᠃ 5 ᠡᠳᠦᠷ ᠤᠨ ᠤᠷᠤᠯᠳᠤᠭᠠᠨ ᠤ ᠡᠴᠦᠰ ᠲᠤ᠂ 127 ᠲᠠᠯᠠᠪᠤᠷ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠮᠥ ᠵᠢᠶᠠ ᠶᠢᠩᠽᠢ ᠪᠠᠯᠭᠠᠰᠤ᠂ ᠥᠪᠥᠷ ᠮᠣᠩᠭᠤᠯ ᠤᠨ ᠬᠤᠶᠠᠳᠤᠭᠠᠷ ᠭᠠᠵᠠᠷ ᠰᠢᠨᠵᠢᠯᠡᠭᠡᠨ ᠤ ᠳᠤᠮᠳᠠᠳᠤ ᠰᠤᠷᠭᠠᠭᠤᠯᠢ᠂ ᠰᠦᠩᠱᠠᠨ ᠤ ᠰᠠᠭᠰᠤᠨ ᠪᠥᠮᠪᠦᠭᠡ ᠶᠢᠨ ᠨᠡᠶᠢᠭᠡᠮᠯᠢᠭ᠂ ᠰᠦᠩᠱᠠᠨ ᠤ ᠬᠤᠯᠪᠣᠭᠠᠲᠤ ᠠᠩᠭᠢ ᠶᠢᠨ ᠲᠥᠯᠥᠭᠡᠯᠡᠭᠴᠢᠳ ᠤᠨ ᠠᠩᠭᠢ ᠲᠣᠰ ᠲᠣᠰ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠰᠢᠶᠠᠩ ᠪᠠᠯᠭᠠᠰᠤ ᠵᠡᠭᠡᠯᠢ ᠭᠤᠳᠤᠮᠵᠢ᠂ ᠰᠤᠷᠭᠠᠨ ᠬᠥᠮᠦᠵᠢᠯ ᠤᠨ ᠰᠢᠰᠲ᠋ᠧᠮ᠂ ᠠᠵᠤ ᠠᠬᠤᠶᠢᠯᠠᠯ᠂ ᠡᠮᠡᠭᠲᠡᠶ ᠶᠢᠨ 5 ᠳᠤᠭᠤᠶᠢᠯᠠᠩ ᠤᠨ ᠮᠠᠩᠯᠠᠶ ᠶᠢ ᠭᠥᠷᠳᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号