ᠵᠥᠩ ᠴᠢᠩ ᠰᠥᠩ ᠬᠤᠲᠠ ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 28 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ ᠬᠤᠲᠠ ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠳᠡᠳ᠋ ᠳᠠᠷᠤᠭ᠎ᠠ ᠯᠢ ᡁᠢ ᠭᠦᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠵᠦᠩ ᠴᠢᠩ ᠰᠦᠩ ᠨᠠᠷ ᠤᠷᠢᠳ ᠬᠤᠵᠢᠳ ᠰᠦᠩᠱᠠᠨ ᠤ ᠬᠤᠷᠢᠨ ᠨᠠᠢᠮᠠᠳᠤᠭᠠᠷ ᠪᠠᠭ᠎ᠠ ᠰᠤᠷᠭᠠᠭᠤᠯᠢ᠂ ᠠᠷᠪᠠᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠭᠤᠴᠢᠨ ᠳᠥᠷᠪᠡᠳᠦᠭᠡᠷ ᠬᠡᠤᠬᠡᠳ ᠤᠨ ᠴᠡᠴᠡᠷᠯᠢᠭ ᠵᠢᠴᠢ ᠰᠦᠩᠱᠠᠨ ᠤ ᠠᠷᠪᠠᠨ ᠳᠣᠯᠣᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠡ᠂ ᠰᠤᠷᠭᠠᠭᠤᠯᠢ ᠡᠷᠬᠢᠯᠡᠬᠦ ᠣᠷᠴᠢᠨ ᠲᠣᠭᠤᠷᠢᠨ᠂ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠨ ᠬᠥᠮᠦᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃    ᠵᠦᠩ ᠴᠢᠩ ᠰᠦᠩ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠤᠨ ᠦᠢᠯᠡᠰ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠃ ᠪᠠᠶᠢᠴᠠᠭᠠᠨ ᠰᠤᠳᠤᠯᠵᠤ ᠵᠠᠳᠠᠯᠤᠯᠲᠠ ᠬᠢᠬᠦ ᠶᠢ ᠭᠦᠢᠴᠡᠳ ᠰᠠᠶᠢᠲᠤᠷ ᠬᠢᠵᠦ᠂ ᠬᠤᠳᠠ ᠶᠢᠨ ᠬᠥᠭᠵᠢᠯᠲᠡ ᠪᠣᠯᠤᠨ ᠬᠥᠮᠦᠨ ᠠᠮᠠ ᠶᠢᠨ ᠨᠢᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠬᠥᠮᠦᠨ ᠠᠮᠠ ᠶᠢᠨ ᠬᠤᠪᠢᠷᠠᠯᠲᠠ ᠲᠠᠢ ᠵᠣᠬᠢᠴᠠᠭᠰᠠᠨ ᠦᠨᠳᠦᠰᠦᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠣᠯᠠᠨ ᠲᠠᠯ᠎ᠠ ᠪᠠᠷ ᠪᠠᠯᠠ ᠮᠥᠩᠭᠦ ᠴᠤᠭᠯᠠᠭᠤᠯᠵᠤ᠂ ᠳᠡᠮᠵᠢᠯᠭᠡ ᠣᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠣᠳᠣᠨ ᠪᠦᠲᠦᠭᠡᠯ ᠤᠨ ᠤᠬᠠᠮᠰᠠᠷ ᠢ ᠴᠢᠩᠭᠠᠳᠬᠠᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠡᠷᠭᠡ ᠪᠠᠷ ᠠᠬᠢᠭᠤᠯᠵᠤ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠨᠡ ᠬᠦ ᠵᠠᠩᠭᠢᠯᠠᠭ᠎ᠠ ᠶᠢᠨ ᠴᠡᠭ ᠢ ᠡᠵᠡᠮᠳᠡᠵᠦ᠂ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠪᠠᠭᠰᠢ ᠶᠢ ᠲᠤᠬᠢᠷᠠᠭᠤᠯᠬᠤ᠂ ᠰᠤᠷᠭᠠᠭᠤᠯᠢ ᠶᠢ ᠬᠠᠮᠢᠶᠠᠷᠬᠤ ᠵᠡᠷᠭᠡ ᠡᠯ᠎ᠡ ᠵᠦᠢᠯ ᠤᠨ ᠠᠵᠢᠯ ᠢ ᠵᠡᠷᠭᠡᠪᠡᠷ ᠰᠠᠶᠢᠲᠤᠷ ᠬᠢᠵᠦ᠂ ᠰᠤᠷᠭᠠᠭᠤᠯᠢ ᠶᠢ ᠰᠠᠶᠢᠲᠤᠷ ᠪᠠᠶᠢᠭᠤᠯᠬᠤ ᠪᠠᠷ ᠪᠠᠷᠠᠬᠤ ᠦᠭᠡᠢ ᠪᠠᠰᠠ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号