ᠳ᠋ᠠᠩ ᠫᠦ᠋ ᠳ᠋ᠢ ᠮᠠᠨᠵᠤ ᠦᠨᠳᠦᠰᠦᠳᠡᠨ ᠤ ᠰᠢᠶᠠᠩ ᠬᠢᠭᠡᠳ ᠦᠪᠦᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠳᠠ ᠶᠢᠨ ᠳᠡᠭᠡᠳᠤ ᠰᠤᠷᠭᠠᠭᠤᠯᠢ ᠵᠠᠰᠠᠭ ᠪᠠ ᠰᠤᠷᠭᠠᠭᠤᠯᠢ ᠶᠢᠨ ᠠᠭᠤᠰᠤᠯᠴᠠᠯ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠪᠣᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠵᠠᠰᠠᠭ ᠪᠠ ᠰᠤᠷᠭᠠᠭᠤᠯᠢ ᠶᠢᠨ ᠠᠭᠤᠰᠤᠯᠴᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠤᠬᠠᠶ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᡁᠢ ᠭᠤᠸᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    ᠶᠣᠰᠣᠯᠠᠯ ᠳᠡᠭᠡᠷ᠎ᠡ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠬᠠᠷᠢᠭᠤᠴᠠᠯᠭᠠᠲᠠᠨ ᠠᠴᠠ ᠢᠯᠡᠷᠬᠡᠶᠢᠯᠡᠭᠰᠡᠨ ᠨᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠬᠤᠪᠢᠷᠠᠭᠤᠯᠬᠤ᠂ ᠵᠢᠭᠠᠨ ᠰᠤᠷᠭᠠᠯᠲᠠ ᠶᠢᠨ ᠳᠠᠳᠤᠯᠭ᠎ᠠ ᠬᠢᠬᠦ ᠵᠡᠷᠭᠡ ᠶᠢ ᠥᠷᠨᠢᠭᠦᠯᠬᠦ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠲᠥᠬᠦᠮ ᠨᠥᠬᠦᠴᠡᠯ ᠬᠠᠩᠭᠠᠨ᠎ᠠ᠃    ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠢᠶᠠᠨ ᠴᠧᠩ ᠢᠯᠡᠷᠬᠡᠶᠢᠯᠡᠬᠦ ᠳᠡᠭᠡᠨ᠄ ︽ᠬᠤᠶᠠᠷ ᠲᠠᠯ᠎ᠠ ᠪᠠᠷ ᠢᠶᠠᠨ ᠨᠠᠩ ᠥᠷᠭᠡᠨ ᠠᠭᠤᠳᠠᠮ ᠬᠦᠷᠢᠶ᠎ᠡ ᠴᠠᠷᠠᠭ᠎ᠠ᠂ ᠨᠠᠩ ᠥᠨᠳᠥᠷ ᠲᠠᠰ ᠳᠠᠪᠬᠤᠷᠭ᠎ᠠ ᠶᠢᠨ ᠬᠦᠷᠢᠶ᠎ᠡ ᠬᠡᠪᠴᠢᠶ᠎ᠡ᠂ ᠨᠠᠩ ᠣᠯᠠᠨ ᠣᠷᠣᠨ ᠵᠠᠶ ᠠᠴᠠ ᠨᠠᠩ ᠦᠷᠭᠦᠯᠵᠢᠯᠡᠬᠦ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ ᠬᠤᠶᠠᠷ ᠲᠠᠯ᠎ᠠ ᠪᠠᠷ ᠢᠶᠠᠨ ᠳᠠᠪᠠᠭᠤ ᠲᠠᠯ᠎ᠠ ᠪᠠᠨ ᠬᠠᠷᠢᠯᠴᠠᠨ ᠨᠥᠬᠦᠪᠥᠷᠢᠯᠡᠵᠦ᠂ ᠥᠪᠡᠷ ᠥᠪᠡᠷ ᠤᠨ ᠣᠷᠣᠨ ᠪᠠᠶᠢᠷᠢ ᠪᠠᠨ ᠣᠯᠤᠨ᠎ᠠ ᠭᠡᠳᠡᠭ ᠢ ᠢᠲᠡᠭᠡᠵᠦ ᠪᠠᠶᠢᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠤ ᠠᠪᠴᠤ ᠦᠵᠡᠪᠡᠯ᠂ ᠪᠠᠭᠰᠢ ᠶᠢᠨ ᠡᠷᠳᠡᠮ ᠰᠢᠨᠵᠢᠯᠡᠭᠡᠨ ᠪᠠ ᠰᠤᠷᠤᠭᠴᠢᠳ ᠤᠨ ᠦᠢᠯᠡᠳᠦᠯᠭᠡ ᠶᠢᠨ ᠵᠢᠭᠠᠨ ᠰᠤᠷᠭᠠᠯᠲᠠ ᠳᠤ ᠨᠡᠩ ᠰᠠᠶᠢᠨ ᠨᠡᠩ ᠰᠢᠯᠢᠳᠡᠭ ᠣᠷᠣᠨ ᠪᠠᠶᠢᠷᠢ ᠬᠠᠩᠭᠠᠵᠤ ᠴᠢᠳᠠᠨ᠎ᠠ᠃ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠪᠠ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠠᠪᠴᠤ ᠬᠡᠯᠡᠪᠡᠯ᠂ ᠮᠠᠨ ᠤ ᠪᠠᠭᠰᠢ ᠶᠢᠨ ᠰᠠᠨᠠᠯ ᠵᠥᠪᠯᠡᠯᠭᠡ ᠠᠷᠭ᠎ᠠ ᠤᠬᠠᠭᠠᠨ ᠭᠠᠷᠭᠠᠬᠤ ᠪᠠ ᠰᠤᠷᠤᠭᠴᠢᠳ ᠤᠨ ᠭᠤᠷᠪᠠᠳᠠᠬᠢ ᠡᠲᠡᠭᠡᠳ ᠤᠨ ᠬᠠᠷᠠᠴᠠ  ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠰᠡᠳᠬᠢᠴᠡ᠂ ᠨᠠᠩ ᠰᠢᠨ᠎ᠡ ᠦᠵᠡᠯᠲᠡ ᠪᠠ ᠨᠠᠩ ᠰᠠᠶᠢᠨ ᠠᠷᠭ᠎ᠠ ᠬᠠᠩᠭᠠᠵᠤ ᠴᠢᠳᠠᠬᠤ ᠪᠤᠯᠤᠨ᠎ᠠ︾ ᠭᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号