8 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ ᠪᠥᠬᠦ ᠲᠣᠭᠤᠷᠢᠭ ᠤᠨ ᠠᠵᠤ ᠠᠬᠤᠶ ᠶᠢᠨ | ᠠᠵᠢᠯᠯᠠᠭᠠᠨ ᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠶ ᠶᠢᠨ | ᠠᠵᠢᠯᠯᠠᠭᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ | ᠠᠵᠤ ᠠᠬᠤᠶ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠳᠡᠭᠡᠷ᠎ᠡ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠬᠠᠮᠢᠶ᠎ᠠ ᠪᠥᠬᠦᠶ ᠪᠠᠶᠢᠳᠠᠯ ᠢ ᠮᠡᠳᠡᠭᠳᠡᠭᠰᠡᠨ ᠪᠥᠭᠡᠳ | ᠠᠵᠢᠯ ᠤᠨ ᠰᠠᠨᠠᠭᠤᠯᠭ᠎ᠠ ᠳᠤᠷᠠᠳᠪᠠ︔ ᠡᠯ᠎ᠡ ᠳᠡᠳ᠋ ᠲᠣᠭᠤᠷᠢᠭ ᠤᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠤ ᠠᠵᠤ ᠠᠬᠤᠢ ᠶᠢᠨ ᠠᠵᠢᠯᠯᠠᠭᠠᠨ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ | ᠴᠢᠭᠯᠡᠭᠦᠯᠦᠨ ᠪᠣᠳᠠᠲᠠᠢ ᠪᠠᠶᠢᠷᠢᠯᠠᠭᠤᠯᠤᠯᠲᠠ ᠬᠢᠪᠡ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠪᠠᠶᠢᠳᠠᠯ ᠢ ᠲᠣᠳᠣᠷᠬᠠᠢ ᠲᠠᠨᠢᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠦᠬᠦ ᠵᠢᠯ ᠤᠨ ᠠᠵᠢᠯ ᠤᠨ | ᠬᠠᠷᠠᠯᠲᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠵᠣᠯᠭᠠᠭᠤᠯᠤᠨ | ᠬᠠᠮᠵᠢᠯᠴᠠᠬᠤ ᠶᠢ ᠴᠢᠩᠭᠠᠳᠬᠠᠵᠤ᠂ ᠬᠥᠮᠦᠨ ᠤ ᠬᠦᠴᠦᠨ ᠢ ᠭᠦᠢᠴᠡᠳ ᠬᠡᠷᠡᠭᠯᠡᠬᠦ ᠬᠡᠷᠡᠭᠲᠡᠢ᠃ ᠠᠵᠤ ᠠᠬᠤᠶ ᠶᠢᠨ | ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠪᠠ ᠢᠳᠡ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ | ᠠᠩᠬᠠᠷᠴᠤ᠂ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠯᠳᠠ | ᠬᠦᠴᠦᠨ ᠢᠶᠠᠨ ᠠᠭᠤᠳᠠᠯᠵᠤ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠢᠶᠠᠷ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠳᠡᠭᠡᠳᠦ ᠱᠠᠲᠤᠨ ᠤ ᠲᠦᠷᠦ ᠶᠢᠨ | ᠪᠤᠳᠤᠯᠭ᠎ᠠ ᠶᠢ ᠣᠨᠣᠪᠴᠢᠲᠠᠢ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ | ᠴᠢᠩᠭ᠎ᠠ ᠠᠩᠬᠠᠷᠴᠤ᠂ ᠲᠦᠷᠦᠯ ᠵᠦᠢᠯ ᠤᠨ ᠨᠥᠭᠡᠴᠡ ᠶᠢ ᠤᠷᠢᠳᠴᠢᠯᠠᠨ ᠲᠥᠯᠥᠪᠵᠢᠭᠦᠯᠵᠦ᠂ ᠲᠦᠷᠦ ᠶᠢᠨ | ᠪᠤᠳᠤᠯᠭ᠎ᠠ ᠶᠢᠨ ᠪᠡᠯᠡ ᠮᠥᠩᠭᠦ ᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠦᠷᠦ ᠶᠢᠨ | ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠪᠦᠬᠦ ᠲᠣᠭᠤᠷᠢᠭ ᠤᠨ ᠠᠵᠤ ᠦᠢᠯᠡᠰ ᠤᠨ ᠬᠦᠯᠢᠶᠡᠨ ᠠᠪᠬᠤ | ᠲᠠᠪᠴᠠᠩ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠯᠢᠶᠡᠨ ᠠᠪᠬᠤ ᠴᠢᠳᠠᠪᠤᠷᠢ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠰᠠᠶᠢᠲᠤᠷ | ᠠᠳᠬᠤᠵᠤ᠂ ᠠᠷᠠᠯᠵᠢᠶᠠᠴᠢᠨ ᠤᠷᠢᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠨᠡᠩ ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠰᠦᠩᠱᠠᠨ ᠳᠤ | ᠨᠤᠲᠤᠭᠰᠢᠭᠤᠯᠬᠤ ᠶᠢ ᠠᠬᠢᠭᠤᠯᠬᠤ ᠬᠡᠷᠡᠭᠲᠡᠢ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ | ᠳᠠᠷᠤᠭ᠎ᠠ ᠵᠢᠶᠠᠩ ᠴᠠᠩ ᠾᠦᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ | ᠳᠡᠳ᠋ ᠳᠠᠷᠤᠭ᠎ᠠ ᠶᠠᠩ ᠸᠧᠨ ᠳ᠋ᠦᠩ᠂ ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ᠂ ᠯᠢ ᠰᠢᠶᠠᠨ ᠹᠦ᠋᠂ ᠵᠤᠤ | ᠱᠢ ᠴᠤᠤ᠂ ᠯᠢ ᡁᠢ ᠭᠦᠸᠧ ᠬᠤᠷᠠᠯ ᠳᠤ ᠣᠷᠣᠯᠴᠠᠪᠠ᠃ |