ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠣᠷᠣᠵᠤ ᠰᠠᠭᠤᠪᠠ
ᠨᠡᠶᠢᠲᠡᠯᠡᠭᠰᠡᠨ ᠴᠠᠭ᠄
2024/8/14
    ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 12 ᠤᠨ ᠡᠳᠦᠷ᠂ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ 5 ᠲᠣᠭᠤᠷᠢᠨ ᠪᠠᠶᠢᠴᠠᠭᠠᠬᠤ ᠳᠤᠭᠤᠶᠢᠯᠠᠩ ᠪᠦᠬᠦᠨ ᠢᠶᠠᠷ ᠢᠶᠠᠨ ᠣᠷᠣᠵᠤ ᠰᠠᠭᠤᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠠᠷ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠰᠢᠨ᠎ᠡ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠬᠤ ᠡᠭᠦᠷᠭᠡ ᠪᠣᠯᠤᠨ ᠶᠡᠷᠦᠩᠬᠡᠢ ᠲᠤᠬᠢᠷᠠᠭᠤᠯᠤᠯᠳᠠ ᠶᠢ ᠮᠡᠳᠡᠭᠳᠡᠭᠰᠡᠨ ᠪᠥᠭᠡᠳ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠠᠩᠬᠠᠷᠤᠯ︾ ᠤᠨ ᠬᠢᠨᠠᠯᠲᠠ ᠲᠠᠯᠪᠢᠬᠤ ᠭᠤᠣᠯᠳᠠᠯᠭ᠎ᠠ ᠶᠢᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠵᠢᠴᠢ ᠬᠤᠳᠠ᠂ ᠲᠣᠭᠤᠷᠢᠭ ᠬᠤᠶᠠᠷ ᠱᠠᠲᠤᠨ ᠤ ᠴᠢᠬᠤᠯᠠ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠲᠠᠯᠪᠢᠬᠤ ᠠᠵᠢᠯ ᠢ ᠦᠷᠨᠢᠭᠦᠯᠦᠨ᠎ᠡ᠃    ᠲᠣᠭᠤᠷᠢᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号