ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/14
    8 ᠰᠠᠷ᠎ᠠ ᠶᠢᠨ 13 ᠤ ᠡᠳᠦᠷ᠂ ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠨ ᠶᠤᠸᠠᠢ ᠴᠢᠨ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠳᠠᠭᠠᠭᠤᠯᠤᠨ ︽ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠭᠤᠯᠭ᠎ᠠ︾ ᠪᠠ ︽ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠰᠠᠨᠠᠭᠤᠯᠭ᠎ᠠ︾ ᠶᠢᠨ ᠲᠣᠭᠤᠷᠢᠨ ᠳᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠮᠳᠠᠭᠤᠯᠤᠨ ᠰᠢᠢᠳᠪᠦᠷᠢᠯᠡᠭᠦᠯᠬᠦ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠾᠦᠢ ᠶᠠᠷᠢᠯᠴᠠᠬᠤ ᠬᠤᠷᠠᠯ ᠳᠤ ᠣᠷᠣᠯᠴᠠᠵᠤ᠂ ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠦᠩ ᠴᠧᠩ ᠵᠡᠭᠡᠯᠢ ᠭᠤᠳᠤᠮᠵᠢ ᠶᠢᠨ ᠰᠢᠩ ᠭᠤᠸᠠᠩ ᠲᠢᠶᠠᠨ ᠳ᠋ᠢ ᠨᠡᠶᠢᠭᠡᠮ ᠲᠣᠭᠤᠷᠢᠭ᠂ ᠾᠧᠩ ᠵᠢᠶ ᠳᠤ ᠾᠦᠢ ᠮᠢᠩ ᠵᠦ ᠰᠠᠭᠤᠭᠠᠯᠢ ᠲᠣᠭᠤᠷᠢᠭ ᠲᠤ ᠬᠦᠷᠴᠦ ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠪᠠ ᠣᠷᠣᠨ ᠰᠠᠭᠤᠴᠠ ᠶᠢᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃    ᠶᠠᠷᠢᠯᠴᠠᠬᠤ ᠬᠤᠷᠠᠯ ᠳᠡᠭᠡᠷ᠎ᠡ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠶᠢ ᠨᠢᠭᠡᠳᠦᠯᠲᠡᠶ ᠲᠥᠯᠥᠪᠵᠢᠭᠦᠯᠵᠦ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ ᠬᠡᠷᠡᠭᠲᠡᠶ︔ ᠲᠦᠷᠦ ᠶᠢᠨ ᠪᠤᠳᠤᠯᠭ᠎ᠠ ᠶᠢ ᠡᠵᠡᠮᠳᠡᠵᠦ᠂ ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠢ︔ ᠵᠠᠰᠠᠭ ᠠᠵᠤ ᠠᠬᠤᠶᠢᠯᠠᠯ ᠬᠠᠮᠲᠤᠷᠠᠯᠴᠠᠵᠤ᠂ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠪᠣᠯᠪᠠᠰᠤᠷᠠᠭᠤᠯᠤᠯ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠡᠪᠳᠡᠭᠳᠡᠭᠰᠡᠨ ᠭᠠᠯ ᠤᠨᠲᠠᠷᠠᠭᠠᠬᠤ ᠲᠥᠬᠦᠭᠡᠷᠦᠮᠵᠢ ᠶᠢ ᠴᠠᠭ ᠲᠤᠬᠠᠶ ᠳᠤᠨᠢ ᠰᠡᠯᠪᠢᠨ ᠵᠠᠰᠠᠬᠤ ᠪᠠ ᠰᠣᠯᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号