ᠰᠦᠩᠱᠠᠨ ᠲᠣᠭᠤᠷᠢᠭ ᠤᠨ ᠡᠨᠡ ᠬᠤᠶᠠᠷ ᠰᠤᠷᠭᠠᠭᠤᠯᠢ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/8/23
    8 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠢᠴᠢᠶᠡᠯ ᠢ ᠵᠢᠷᠤᠵᠤ ᠲᠥᠯᠥᠪᠯᠡᠬᠦ ᠤᠷᠤᠯᠳᠤᠭᠠᠨ ᠤ ᠱᠠᠩᠨᠠᠯ ᠭᠥᠷᠳᠡᠭᠰᠡᠨ ᠨᠡᠷᠡᠰ ᠪᠠ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠪᠡ᠃     ᠪᠥᠬᠦ ᠣᠷᠣᠨ ᠤ ᠬᠢᠴᠢᠶᠡᠯ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ 19 ᠨᠡᠷᠡᠰ᠂ ᠬᠤᠶᠠᠳᠤᠭᠠᠷ ᠳᠡᠰ ᠤᠨ ᠱᠠᠩᠨᠠᠯ 27 ᠨᠡᠷᠡᠰ᠂ ᠭᠤᠷᠪᠠᠳᠤᠭᠠᠷ ᠳᠡᠰ ᠤᠨ ᠱᠠᠩᠨᠠᠯ 50 ᠨᠡᠷᠡᠰ︔ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ 16 ᠨᠡᠷᠡᠰ᠂ ᠬᠤᠶᠠᠳᠤᠭᠠᠷ ᠳᠡᠰ ᠤᠨ ᠱᠠᠩᠨᠠᠯ 20 ᠨᠡᠷᠡᠰ᠂ ᠭᠤᠷᠪᠠᠳᠤᠭᠠᠷ ᠳᠡᠰ ᠤᠨ ᠱᠠᠩᠨᠠᠯ 42 ᠨᠡᠷᠡᠰ ᠪᠤᠯᠤᠨ᠎ᠠ᠃ ᠡᠭᠦᠨ ᠳᠤ᠂ ᠳ᠋ᠠ ᠮᠢᠶᠤᠤ ᠭᠤᠣᠯ ᠰᠤᠷᠭᠠᠭᠤᠯᠢ ᠶᠢᠨ ︽ᠬᠠᠯᠠᠭᠤᠨ ᠤ ᠲᠡᠮᠦᠷᠯᠢᠭ ᠲᠠᠬᠢ ᠳᠠᠮᠵᠢᠭᠤᠯᠭ᠎ᠠ︾ ᠨᠢ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠢᠴᠢᠶᠡᠯ ᠢ ᠵᠢᠷᠤᠵᠤ ᠲᠥᠯᠥᠪᠯᠡᠬᠦ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠰᠦᠩᠱᠠᠨ ᠲᠣᠭᠤᠷᠢᠭ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ︽ᠤᠰᠤᠲᠥ᠋ᠷᠥᠭᠴᠢ ᠬᠡᠢ ᠶᠢᠨ ᠰᠢᠲᠠᠬᠤ ᠶᠢ ᠰᠠᠶᠢᠵᠢᠷᠠᠭᠤᠯᠬᠤ ᠲᠤᠷᠰᠢᠯᠲᠠ ᠶᠢᠨ ᠰᠦᠪᠡᠭᠴᠢᠯᠡᠯᠲᠡ︾ ᠨᠢ ᠪᠦᠬᠦ ᠤᠷᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠬᠤᠶᠠᠳᠤᠭᠠᠷ ᠳᠡᠰ ᠤᠨ ᠱᠠᠩᠨᠠᠯ ᠬᠦᠷᠲᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号