ᠰᠦᠩᠱᠠᠨ ᠲᠣᠭᠤᠷᠢᠭ ᠤᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠨᠢᠭᠡᠳᠦᠭᠡᠷ ᠳᠡᠰ ᠤᠨ ᠬᠤᠭᠤᠯᠠᠢ ᠶᠢᠨ ᠲᠣᠣᠷ ᠢ ᠥᠭᠡᠷᠡᠴᠢᠯᠡᠬᠦ ᠲᠥᠷᠥᠯ ᠵᠦᠢᠯ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/8/27
    ᠰᠦᠩᠱᠠᠨ ᠲᠣᠭᠤᠷᠢᠭ ᠨᠢ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ᠂ ᠬᠤᠲᠠ ᠶᠢᠨ ᠪᠠᠶᠢᠳᠠᠯ ᠳᠤ ᠪᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ︾ ᠵᠠᠷᠴᠢᠮ ᠶᠣᠰᠣᠭᠠᠷ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠠᠬᠢᠭᠤᠯᠵᠤ᠂ ᠲᠦᠷᠦᠭᠦᠬᠡᠨ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ᠃    ᠰᠦᠩᠱᠠᠨ ᠲᠣᠭᠤᠷᠢᠭ ᠤᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 7043.84 ᠲᠦᠮᠡᠨ ᠲᠥᠭᠦᠷᠢᠭ ᠪᠠᠶᠢᠵᠤ᠂ ᠬᠤᠲᠠ ᠶᠢᠨ ᠲᠣᠭᠤᠷᠢᠭ ᠤᠨ 7 ᠵᠤᠷᠪᠤᠰ ᠵᠡᠭᠡᠯᠢ ᠭᠤᠳᠤᠮᠵᠢ ᠶᠢᠨ ᠭᠤᠤᠯᠯᠠᠨ ᠬᠠᠮᠢᠶᠠᠷᠬᠤ ᠲᠣᠣᠷ ᠵᠢᠴᠢ 19 ᠢᠯᠴᠢ ᠶᠢᠨ ᠬᠦᠴᠦᠨ ᠤ ᠥᠷᠲᠡᠭᠡ ᠶᠢᠨ ᠥᠷᠲᠡᠭᠡ ᠳᠤ ᠣᠷᠣᠬᠤ ᠱᠤᠭᠤᠮ ᠳᠤ ᠥᠭᠡᠷᠡᠴᠢᠯᠡᠯᠲᠡ ᠬᠢᠬᠦ ᠪᠠᠷ ᠲᠥᠯᠥᠪᠯᠡᠵᠦ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠤᠨ ᠣᠷᠳᠣ ᠢ 8451 ᠮᠧᠳ᠋ᠷ ᠦᠭᠡᠷᠡᠴᠢᠯᠡᠵᠦ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠢ 900 ᠮᠧᠳ᠋ᠷ ᠥᠷᠭᠡᠳᠬᠡᠨ ᠪᠠᠶᠢᠭᠤᠯᠤᠨ᠎ᠠ᠃ ᠡᠨᠡ ᠵᠢᠯ ᠶᠢᠩ ᠶᠢᠨ ᠵᠠᠮ᠂ ᠰᠢᠨ ᠬᠤᠢ ᠵᠠᠮ᠂ ᠯᠢᠨ ᠬᠤᠸᠠᠩ ᠶᠡᠭᠡ ᠵᠡᠭᠡᠯᠢ ᠶᠢᠨ ᠭᠤᠷᠪᠠᠨ ᠭᠠᠵᠠᠷ ᠤᠨ ᠵᠠᠮ ᠤᠨ ᠨᠢᠭᠡᠳᠦᠭᠡᠷ ᠳᠡᠰ ᠤᠨ ᠬᠤᠭᠤᠯᠠᠢ ᠶᠢᠨ ᠲᠣᠣᠷ ᠢ ᠥᠭᠡᠷᠡᠴᠢᠯᠡᠬᠦ ᠲᠥᠷᠥᠯ ᠵᠦᠢᠯ ᠢ ᠪᠡᠶᠡᠯᠡᠭᠦᠯᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号