ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠬᠤ ᠠᠵᠢᠯ ᠤᠨ ᠲᠤᠬᠠᠶ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/29
    8 ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠬᠤ ᠬᠠᠮᠢᠶ᠎ᠠ ᠪᠥᠬᠦᠶ ᠠᠵᠢᠯ ᠤᠨ ᠲᠤᠬᠠᠶ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ ᠭᠤᠸᠠᠩ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠣᠭᠤᠷᠢᠭ ᠲᠤ ᠰᠠᠭᠤᠭ᠎ᠠ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠵᠢᠴᠢ ᠰᠦᠯᠵᠢᠶᠡᠨ ᠳᠡᠭᠡᠷᠡᠬᠢ ᠠᠵᠤ ᠠᠬᠤᠶᠢᠯᠠᠯ ᠪᠠ ᠬᠠᠤᠯᠢᠴᠢ ᠶᠢᠨ ᠲᠥᠯᠥᠭᠡᠯᠡᠭᠴᠢ ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠬᠤ ᠬᠠᠮᠢᠶ᠎ᠠ ᠪᠥᠬᠦᠶ ᠠᠵᠢᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃    ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠯᠲᠠ ᠶᠢ ᠲᠤᠭᠤᠷᠪᠢᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠭᠰᠠᠨ ᠪᠥᠭᠡᠳ ᠳᠤᠷᠠᠳᠤᠭᠰᠠᠨ ᠰᠠᠨᠠᠯ ᠰᠠᠨᠠᠭᠤᠯᠭ᠎ᠠ ᠶᠢ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠬᠢᠨᠠᠮᠠᠭᠠᠶ ᠰᠤᠳᠤᠯᠵᠤ᠂ ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠬᠤ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号