8 ᠰᠠᠷ᠎ᠠ ᠶᠢᠨ 28 ᠤ ᠡᠳᠦᠷ᠂ ᠰᠦᠩᠱᠠᠨ ᠲᠣᠭᠤᠷᠢᠭ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ | ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ 2024 | ᠣᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠯᠠᠪᠳᠠᠭᠤᠨ ᠪᠠᠲᠤᠲᠠᠶ ᠰᠠᠶᠢᠲᠤᠷ ᠬᠢᠵᠦ | ᠂ ︽ᠵᠢᠷᠭᠤᠭ᠎ᠠ ᠶᠢ ᠦᠵᠡᠵᠦ᠂ ᠨᠢᠭᠡ ᠶᠢ ᠲᠡᠭᠦᠯᠳᠡᠷᠵᠢᠭᠦᠯᠬᠦ︾ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ | ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠴᠤ᠂ | ᠲᠣᠭᠲᠠᠭᠤᠨ ᠢᠶᠠᠷ ᠤᠬᠤᠷᠢᠨ ᠭᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠲᠠᠷᠢᠶᠠᠴᠢᠨ ᠡᠷᠦᠬᠡ ᠶᠢᠨ ᠮᠡᠳᠡᠭᠡ | ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ | ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠦᠨᠡᠨ ᠬᠦ ᠰᠠᠶᠢᠲᠤᠷ ᠠᠵᠢᠯᠯᠠᠭᠤᠯᠵᠤ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠪᠠ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠶᠠᠳᠠᠭᠤ ᠬᠦᠴᠢᠷᠳᠡᠯᠲᠡᠶ | ᠪᠠᠶᠢᠳᠠᠯ ᠢ ᠬᠢᠨᠠᠨ ᠬᠡᠮᠵᠢᠬᠦ ᠲᠥᠪ ᠤᠨ ᠠᠵᠢᠯᠲᠠᠳ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ | ᠬᠡᠮᠵᠢᠵᠦ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ︽ᠡᠷᠭᠢᠵᠦ | ᠬᠠᠷᠠᠬᠤ︾ ᠠᠵᠢᠯ᠂ ᠭᠠᠷ ᠤᠲᠠᠰᠤᠨ ᠤ APP ᠶᠢᠨ ᠠᠵᠢᠯᠯᠠᠭ᠎ᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠲᠤᠬᠠᠶ ᠪᠣᠯᠪᠠᠰᠤᠷᠠᠯ ᠬᠢᠪᠠ᠃ |