8 ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ ᠪᠠᠶᠢᠴᠠᠭᠠᠨ ᠰᠤᠳᠤᠯᠬᠤ ᠳᠤᠭᠤᠶᠢᠯᠠᠩ ᠢ | ᠳᠠᠭᠠᠭᠤᠯᠤᠨ ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠦᠷᠢᠮ︾ ᠤᠨ ᠬᠠᠤᠯᠢ ᠲᠣᠭᠲᠠᠭᠠᠬᠤ ᠬᠠᠮᠢᠶ᠎ᠠ ᠪᠥᠬᠦᠶ ᠠᠵᠢᠯ ᠤᠨ ᠲᠤᠬᠠᠶ ᠰᠦᠩᠱᠠᠨ ᠲᠣᠭᠤᠷᠢᠭ ᠲᠤ ᠢᠷᠡᠵᠦ | ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ | ᠭᠤᠸᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠲᠣᠭᠤᠷᠢᠭ ᠲᠤ ᠰᠠᠭᠤᠭ᠎ᠠ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠰᠡᠭ ᠲᠥᠯᠥᠭᠡᠯᠡᠭᠴᠢ ᠵᠢᠴᠢ ᠰᠦᠯᠵᠢᠶᠡᠨ ᠳᠡᠭᠡᠷᠡᠬᠢ ᠠᠵᠤ ᠠᠬᠤᠶᠢᠯᠠᠯ ᠪᠠ ᠬᠠᠤᠯᠢᠴᠢ ᠶᠢᠨ | ᠲᠥᠯᠥᠭᠡᠯᠡᠭᠴᠢ ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠦᠷᠢᠮ︾ ᠤᠨ ᠬᠠᠤᠯᠢ ᠲᠣᠭᠲᠠᠭᠠᠬᠤ ᠬᠠᠮᠢᠶ᠎ᠠ ᠪᠥᠬᠦᠶ ᠠᠵᠢᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | ︽ᠤᠯᠠᠭᠠᠨᠬᠠᠳᠠ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ | ᠤᠨ ᠬᠠᠤᠯᠢ ᠲᠣᠭᠲᠠᠭᠠᠯᠲᠠ ᠶᠢ ᠲᠤᠭᠤᠷᠪᠢᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠶᠢᠨ ᠲᠥᠯᠥᠭᠡ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ | ᠰᠤᠳᠤᠯᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ | ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠲᠣᠭᠲᠠᠭᠠᠬᠤ ᠪᠠᠶᠢᠴᠠᠭᠠᠨ | ᠰᠤᠳᠤᠯᠤᠯᠲᠠ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠭᠰᠠᠨ ᠪᠥᠭᠡᠳ ᠳᠤᠷᠠᠳᠤᠭᠰᠠᠨ ᠰᠠᠨᠠᠯ | ᠰᠠᠨᠠᠭᠤᠯᠭ᠎ᠠ ᠶᠢ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠬᠢᠨᠠᠮᠠᠭᠠᠶ ᠰᠤᠳᠤᠯᠵᠤ᠂ ︽ᠤᠯᠠᠭᠠᠨᠬᠠᠳᠠ ᠬᠤᠲᠠ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠬᠤ ᠬᠠᠮᠢᠶ᠎ᠠ | ᠪᠥᠬᠦᠶ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃ |