ᠰᠦᠩᠱᠠᠨ ᠲᠣᠭᠤᠷᠢᠭ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠤᠰᠬᠠᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/29
   8 ᠰᠠᠷ᠎ᠠ ᠶᠢᠨ 28 ᠤ ᠡᠳᠦᠷ᠂ ᠰᠦᠩᠱᠠᠨ ᠲᠣᠭᠤᠷᠢᠭ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ 2024 ᠣᠨ ᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠯᠠᠪᠳᠠᠭᠤᠨ ᠪᠠᠲᠤᠲᠠᠶ ᠰᠠᠶᠢᠲᠤᠷ ᠬᠢᠵᠦ ᠂ ︽ᠵᠢᠷᠭᠤᠭ᠎ᠠ ᠶᠢ ᠦᠵᠡᠵᠦ᠂ ᠨᠢᠭᠡ ᠶᠢ ᠲᠡᠭᠦᠯᠳᠡᠷᠵᠢᠭᠦᠯᠬᠦ︾ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠴᠤ᠂ ᠲᠣᠭᠲᠠᠭᠤᠨ ᠢᠶᠠᠷ ᠤᠬᠤᠷᠢᠨ ᠭᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠲᠠᠷᠢᠶᠠᠴᠢᠨ ᠡᠷᠦᠬᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠦᠨᠡᠨ ᠬᠦ ᠰᠠᠶᠢᠲᠤᠷ ᠠᠵᠢᠯᠯᠠᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃    ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠶᠠᠳᠠᠭᠤ ᠬᠦᠴᠢᠷᠳᠡᠯᠲᠡᠶ ᠪᠠᠶᠢᠳᠠᠯ ᠢ ᠬᠢᠨᠠᠨ ᠬᠡᠮᠵᠢᠬᠦ ᠲᠥᠪ ᠤᠨ ᠠᠵᠢᠯᠲᠠᠳ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ︽ᠡᠷᠭᠢᠵᠦ ᠬᠠᠷᠠᠬᠤ︾ ᠠᠵᠢᠯ᠂ ᠭᠠᠷ ᠤᠲᠠᠰᠤᠨ ᠤ APP ᠶᠢᠨ ᠠᠵᠢᠯᠯᠠᠭ᠎ᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠲᠤᠬᠠᠶ ᠪᠣᠯᠪᠠᠰᠤᠷᠠᠯ ᠬᠢᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号