8 ᠰᠠᠷ᠎ᠠ ᠶᠢᠨ 6 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ᠂ ᠮᠦᠩᠬᠡᠳᠠᠯᠠᠢ ᠪᠠᠶᠢᠴᠠᠭᠠᠨ ᠰᠤᠳᠤᠯᠬᠤ | ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠪᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠥᠷᠨᠢᠭᠦᠯᠪᠡ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠱᠢ ᠴᠤᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ | ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ | ᠪᠠᠷᠠᠭ᠎ᠠ ᠶᠢᠨ ᠭᠦᠢᠯᠭᠡᠭᠡᠨ ᠤ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠤᠯᠠᠭᠠᠨᠬᠠᠳᠠ ᠶᠢᠨ | ᠰᠦᠩᠱᠠᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠬᠤ ᠡᠪᠡᠳᠴᠢᠲᠡᠨ ᠤ | ᠦᠷᠦᠭᠡᠨ ᠤ ᠠᠰᠠᠷ ᠵᠢᠴᠢ ᠭᠠᠵᠠᠷ ᠳᠣᠤᠷᠠᠬᠢ ᠲᠡᠷᠭᠡᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠣᠭᠤᠷᠢᠭ ᠪᠣᠯᠤᠨ ᠲᠢᠶᠠᠨ ᠢ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠤᠬᠠᠶ ᠶᠢᠨ ᠲᠠᠯᠠᠪᠠᠢ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ | ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠲᠥᠷᠥᠯ ᠵᠦᠢᠯ ᠤᠨ ᠪᠦᠬᠦᠯᠢ ᠴᠣᠭᠴᠠ ᠶᠢᠨ ᠲᠦᠢᠮᠣ ᠪᠠᠶᠢᠳᠠᠯ᠂ | ᠪᠡᠯᠡ ᠮᠥᠩᠭᠦ ᠶᠢᠨ ᠪᠦᠲᠦᠴᠡ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠪᠣᠳᠠᠲᠠᠶ ᠦᠷ᠎ᠡ ᠪᠦᠲᠦᠮᠵᠢ ᠶᠢ | ᠨᠠᠷᠢᠨ ᠣᠶᠢᠯᠠᠭᠠᠪᠠ᠃ | ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ | ᠪᠣᠯᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠬᠡᠷᠬᠢᠨ ᠵᠠᠰᠠᠭ ᠤᠨ ᠣᠷᠳᠣᠨ ᠤ | ᠥᠷᠢ ᠥᠭᠴᠡᠭᠡᠨ ᠤ ᠠᠶᠤᠯ ᠲᠦᠭᠰᠢᠭᠦᠷᠢ ᠶᠢ ᠨᠡᠩ ᠪᠦᠲᠦᠮᠵᠢᠲᠡᠢ ᠰᠡᠷᠭᠡᠶᠢᠯᠡᠬᠦ ᠪᠠ ᠠᠷᠢᠯᠭᠠᠬᠤ᠂ ᠠᠵᠤ | ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ | ᠰᠣᠯᠢᠯᠴᠠᠪᠠ᠃ |