8 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ 2024 ᠣᠨ ᠤ ᠬᠤᠶᠠᠳᠤᠭᠠᠷ ᠬᠤᠭᠤᠴᠠᠭᠠᠨ ᠤ | ᠳᠤᠮᠳᠠᠳᠤ ᠤᠯᠤᠰ ᠤᠨ ᠤᠮᠠᠷᠠᠲᠤ ᠶᠢᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ︵ᠨᠠᠮᠤᠷ ᠤᠨ ᠤᠯᠠᠷᠢᠯ︶ | ᠵᠢᠴᠢ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ︵ᠨᠠᠮᠤᠷ ᠤᠨ ᠤᠯᠠᠷᠢᠯ︶ ᠤᠨ ᠲᠠᠷᠢᠶᠠᠯᠠᠩ ᠤᠨ | ᠮᠧᠬᠠᠨᠢᠭ ᠤᠨ ᠦᠵᠡᠰᠬᠦᠯᠡᠩ ᠰᠦᠩᠱᠠᠨ ᠲᠣᠭᠤᠷᠢᠭ ᠲᠤ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠦᠵᠡᠰᠬᠦᠯᠡᠩ ᠤᠨ | ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠦᠵᠡᠰᠬᠦᠯᠡᠩ ᠤᠨ ᠴᠤᠭᠯᠠᠭᠠᠨ ᠡᠬᠢᠯᠡᠭᠰᠡᠨ ᠢ | ᠵᠠᠷᠯᠠᠪᠠ᠃ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ | ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠰᠦᠨ | ᠭᠧᠨ ᠰᠥᠩ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠭᠰᠡᠨ ᠨᠢ᠄ ︽ᠲᠣᠰ ᠤᠳᠠᠭᠠᠨ ᠤ | ᠦᠵᠡᠰᠬᠦᠯᠡᠩ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠳᠤ ᠦᠷ᠎ᠡ ᠪᠦᠲᠦᠭᠡᠯ ᠤᠨ ᠦᠵᠡᠰᠬᠦᠯᠡᠩ᠂ ᠦᠵᠡᠭᠦᠯᠦᠯᠭᠡ᠂ ᠰᠣᠯᠢᠯᠴᠠᠭ᠎ᠠ | ᠪᠠ ᠰᠣᠯᠢᠯᠴᠠᠭᠠᠨ ᠤ ᠲᠠᠪᠴᠠᠩ ᠪᠠᠶᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠳᠤ ᠲᠡᠷᠢᠭᠦᠨ ᠤ | ᠬᠡᠷᠡᠭᠯᠡᠭᠡᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠪᠦᠲᠦᠭᠡᠭᠳᠡᠬᠦᠨ᠂ ᠴᠢᠨᠠᠷ ᠰᠠᠶᠢᠲᠠᠶ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠠᠨᠢᠯᠴᠠᠭᠤᠯᠵᠤ᠂ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠠᠩ ᠣᠯᠠᠨ | ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ | ᠪᠠ ᠮᠠᠯᠵᠢᠬᠤ ᠲᠠᠷᠢᠶᠠᠯᠠᠬᠤ ᠣᠷᠣᠨ ᠤ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ︾ ᠭᠡᠪᠡ᠃ | ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠨᠢ 8 ᠰᠠᠷ᠎ᠠ ᠶᠢᠨ 5 ᠤ ᠡᠳᠦᠷ ᠪᠣᠯᠲᠠᠯ᠎ᠠ ᠦᠷᠭᠦᠯᠵᠢᠯᠡᠵᠦ᠂ | 1.2 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠬᠤᠯᠠᠨᠳ᠋ ᠶᠢᠨ ᠺᠠᠶᠢᠰᠨᠢᠤ᠂ ᠶᠤᠬᠠᠨᠳᠢᠷ᠂ | ᠵᠢᠶᠠᠩᠰᠦ ᠶᠢᠨ ᠸᠤᠯᠳ᠋ ᠵᠡᠷᠭᠡ ᠲᠠᠷᠢᠶᠠᠯᠠᠩ ᠤᠨ ᠮᠠᠰᠢᠨ ᠤ ᠵᠠᠭᠤᠨ ᠬᠦᠴᠦᠷᠬᠡᠭ ᠨᠠᠷᠠᠲᠤ ᠲᠡᠮᠳᠡᠭ ᠨᠢ ᠴᠥᠮ | ᠦᠵᠡᠰᠬᠦᠯᠡᠩ ᠲᠠᠢ ᠭᠡᠷ᠎ᠡ ᠲᠣᠭᠲᠠᠭᠰᠠᠨ ᠪᠠᠶᠢᠨ᠎ᠠ᠃ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ | ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠪᠦᠬᠦᠯᠢ ᠮᠠᠰᠢᠨ ᠤ ᠦᠢᠯᠡᠳᠬᠦᠨ ᠳᠤ ᠮᠠᠰᠢᠨ ᠬᠤᠳᠠᠯᠳᠤᠨ ᠠᠪᠬᠤ | ᠨᠥᠬᠦᠪᠥᠷᠢ ᠣᠯᠭᠤᠨ᠎ᠠ᠃ |