2024 ᠣᠨ ᠤ 35 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠵᠢᠴᠢ 12 ᠳ᠋ᠤᠭᠠᠷ ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ ᠤᠨ ᠲᠠᠷᠢᠶᠠᠯᠠᠩ ᠤᠨ ᠮᠧᠬᠠᠨᠢᠭ ᠤᠨ ᠦᠵᠡᠰᠬᠦᠯᠡᠩ ᠡᠬᠢᠯᠡᠪᠡ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 2 ᠤᠨ ᠦᠳᠡ ᠶᠢᠨ ᠡᠮᠦᠨ᠎ᠡ᠂ 2024 ᠣᠨ ᠤ 35 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠵᠢᠴᠢ 12 ᠳ᠋ᠤᠭᠠᠷ ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ ᠤᠨ ᠲᠠᠷᠢᠶᠠᠯᠠᠩ ᠤᠨ ᠮᠧᠬᠠᠨᠢᠭ ᠤᠨ ᠦᠵᠡᠰᠬᠦᠯᠡᠩ ᠤᠨ ᠴᠤᠭᠯᠠᠭᠠᠨ ᠤᠯᠠᠭᠠᠨᠬᠠᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃    ᠲᠣᠰ ᠬᠤᠭᠤᠴᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠳᠤ ︽ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠵᠤ᠂ ︽ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠣᠯᠢᠯᠴᠠᠭ᠎ᠠ ᠶᠢ ᠠᠬᠢᠭᠤᠯᠬᠤ᠂ ᠳᠡᠯᠭᠡᠷᠡᠭᠦᠯᠬᠦ ᠶᠢ ᠠᠬᠢᠭᠤᠯᠬᠤ᠂ ᠲᠠᠷᠢᠶᠠᠯᠠᠩ ᠳᠤ ᠦᠢᠯᠡᠴᠢᠯᠡᠬᠦ︾ ᠰᠢᠷᠢᠰ ᠳᠡᠯᠭᠡᠨ ᠦᠵᠡᠭᠦᠯᠬᠦ ᠵᠣᠷᠢᠯᠲᠠ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠯᠢ ᠣᠯᠠᠨ ᠲᠡᠷᠢᠭᠦᠨ ᠤ ᠮᠡᠷᠭᠡᠵᠢᠯ ᠪᠠ  ᠦᠢᠯᠡᠳᠬᠦᠨ ᠢ ᠳᠡᠯᠭᠡᠨ ᠦᠵᠡᠭᠦᠯᠵᠦ᠂ ᠲᠠᠯᠠᠪᠠᠶ ᠨᠢ 3.5 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠂ ᠡᠭᠦᠨ ᠳᠤ᠂ ᠥᠷᠥᠭᠡᠨ ᠤ ᠳᠣᠲᠣᠷ᠎ᠠ 1.5 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 400 ᠭᠠᠷᠤᠶ ᠦᠵᠡᠭᠦᠯᠭᠡ ᠶᠢᠨ ᠪᠠᠶᠢᠷᠢ ᠲᠣᠬᠢᠷᠠᠭᠤᠯᠪᠠ︔ ᠥᠷᠥᠭᠡᠨ ᠤ ᠭᠠᠳᠠᠨ᠎ᠠ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠭ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠦᠵᠡᠭᠦᠯᠦᠯᠭᠡ ᠨᠢ ︽ᠣᠲᠣ ᠦᠶ᠎ᠡ ᠶᠢᠨ ᠲᠠᠷᠢᠶᠠᠯᠠᠩ ᠤᠨ ᠮᠠᠰᠢᠨ ᠢ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠵᠤ᠂ ᠲᠠᠷᠢᠶᠠᠯᠠᠩ᠂ ᠮᠠᠯ ᠠᠵᠤ ᠠᠬᠤᠶ᠂ ᠣᠶ ᠵᠢᠮᠢᠰ᠂ ᠲᠠᠷᠢᠶᠠᠯᠠᠩ ᠤᠨ ᠬᠡᠷᠡᠭᠯᠡᠭᠡᠨ ᠤ ᠢᠨᠵᠧᠨᠧᠷᠢᠩ ᠤᠨ ᠮᠠᠰᠢᠨ᠂ ᠵᠢᠯᠣᠭᠤᠴᠢ ᠥᠬᠡᠶ ᠤᠷᠭᠤᠮᠠᠯ ᠬᠠᠮᠠᠭᠠᠯᠠᠬᠤ ᠪᠠᠭᠠᠵᠢ ᠬᠡᠷᠡᠭᠰᠡᠯ᠂ ᠲᠠᠷᠢᠶᠠᠯᠠᠩ ᠤᠨ ᠮᠠᠰᠢᠨ ᠤ ᠰᠡᠯᠪᠢᠭ ᠲᠣᠨᠤᠭ ᠵᠡᠷᠭᠡ ᠦᠵᠡᠭᠦᠯᠭᠡ ᠶᠢᠨ ᠲᠣᠭᠤᠷᠢᠭ ᠢ ᠳᠣᠭᠢᠷᠠᠭᠤᠯᠪᠠ᠃ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠦᠵᠡᠭᠦᠯᠦᠯᠭᠡ ᠳᠤ ᠪᠥᠬᠦ ᠤᠯᠤᠰ ᠤᠨ 15 ᠮᠤᠵᠢ ᠬᠤᠲᠠ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 600 ᠭᠠᠷᠤᠶ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠪᠠ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠨᠡᠷ᠎ᠡ ᠮᠡᠳᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号